ᠤᠯᠠᠭᠠᠨᠪᠠᠯᠭᠠᠰᠤ ᠶᠢᠨ ᠵᠢᠱᠢᠶᠡᠴᠢ ᠨᠡᠶᠢᠭᠡᠮ ᠲᠣᠭᠤᠷᠢᠭ ᠭᠡᠷ ᠤᠨ ᠡᠭᠦᠳᠡᠨ ᠳᠠᠬᠢ ᠵᠢᠷᠭᠠᠯᠲᠤ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2025/3/12
      ︽ᠮᠠᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠪᠦᠷᠢᠨ ᠲᠡᠭᠦᠯᠳᠡᠷ᠂ ᠨᠠᠰᠤᠲᠠᠶᠢᠴᠤᠳ ᠤᠨ ᠬᠤᠭᠤᠯᠠᠨ ᠭᠡᠷ᠂ ᠵᠢᠵᠢᠭ ᠠᠭᠤᠳᠠᠮ ᠲᠠᠯᠠᠪᠠᠶ᠂ ᠭᠠᠷ ᠦᠢᠯᠡᠳᠪᠦᠷᠢ ᠶᠢᠨ ᠦᠢᠯᠡᠳᠬᠡᠯ ᠤᠨ ᠭᠠᠵᠠᠷ ᠲᠠᠢ ᠪᠠᠷ ᠪᠠᠷᠠᠬᠤ ᠦᠭᠡᠢ᠂ ᠪᠢᠳᠠᠨ ᠳᠤ ᠲᠤᠰᠬᠠᠢ ᠮᠡᠷᠭᠡᠵᠢᠯᠲᠡᠨ ᠢ ᠤᠷᠢᠵᠤ ᠪᠡᠶ᠎ᠡ ᠰᠤᠪᠢᠯᠠᠬᠤ᠂ ᠢᠯᠢᠵᠦ ᠨᠤᠬᠤᠯᠠᠬᠤ᠂ ᠲᠥᠭᠡᠨᠡᠬᠦ᠂ ᠰᠣᠷᠣᠭᠤᠯ ᠲᠠᠯᠪᠢᠬᠤ ᠵᠡᠷᠭᠡ ᠮᠡᠳᠡᠯᠭᠡ ᠶᠢ ᠵᠢᠭᠠᠬᠤ ᠶᠢᠨ ᠳᠠᠭᠠᠤ ᠦᠷᠭᠦᠯᠵᠢ ᠪᠠᠶᠠᠯᠢᠭ ᠠᠭᠤᠯᠭ᠎ᠠ ᠲᠠᠢ ᠠᠵᠢᠯᠯᠠᠭ᠎ᠠ ᠥᠷᠨᠢᠭᠦᠯᠳᠡᠭ᠂ ᠡᠶᠢᠮᠦ ᠰᠠᠶᠢᠬᠠᠨ ᠣᠷᠴᠢᠨ ᠳᠤ ᠠᠮᠢᠳᠤᠷᠠᠬᠤ ᠨᠢ ᠮᠠᠰᠢ ᠵᠢᠷᠭᠠᠯᠲᠠᠢ ᠰᠠᠨᠠᠭᠳᠠᠬᠤ ᠶᠤᠮ︾ ᠭᠡᠵᠦ ᠰᠠᠭᠤᠭᠠᠯᠢ ᠠᠷᠠᠳ ᠵᠠᠩ ᠵᠢᠦᠢ ᠰᠢᠶᠠ ᠰᠡᠳᠬᠢᠯ ᠳᠣᠭᠳᠣᠯᠤᠨ ᠬᠡᠯᠡᠨ᠎ᠡ᠃      ᠥᠪᠥᠷ ᠮᠣᠩᠭᠤᠯ ᠤᠨ ᠣᠷᠳᠣᠰ ᠬᠤᠳᠠ ᠶᠢᠨ ᠤᠲᠤᠭ ᠬᠤᠰᠢᠭᠤᠨ ᠤ ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠲᠤ ᠬᠦᠷᠬᠦ ᠳᠤ᠂ ᠠᠳᠡ ᠶᠠᠭ ᠴᠤᠭᠯᠠᠭ᠎ᠠ ᠮᠠᠶᠢᠮᠠᠢ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠠᠵᠢᠯᠲᠠᠨ ᠤ ᠳᠠᠭᠠᠭᠤᠯᠭ᠎ᠠ ᠪᠠᠷ ᠪᠡᠶ᠎ᠡ ᠴᠢᠭᠢᠷᠠᠭᠵᠢᠭᠤᠯᠬᠤ ᠲᠠᠮᠢᠷ ᠢ ᠨᠢᠮᠪᠠᠢ ᠰᠤᠷᠤᠯᠴᠠᠨ᠂ ᠲᠤᠬᠠᠢ ᠶᠢᠨ ᠲᠠᠯᠠᠪᠠᠢ ᠳᠤ ᠪᠠᠰᠠ ᠠᠯᠪᠠᠨ ᠵᠢᠷᠤᠮ ᠤᠨ ᠡᠮᠴᠢᠯᠡᠭᠡ ᠬᠢᠬᠦ᠂ ᠠᠯᠪᠠᠨ ᠵᠢᠷᠤᠮ ᠤᠨ ᠦᠰᠦ ᠬᠠᠶᠢᠴᠢᠯᠠᠬᠤ ᠵᠡᠷᠭᠡ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ ᠶᠡᠬᠡᠬᠡᠨ ᠲᠠᠭᠠᠯᠠᠭᠳᠠᠵᠤ ᠪᠠᠶᠢᠯ᠎ᠠ᠃      ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ᠤᠨ ᠬᠢᠨ 2024 ᠣᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ︽ᠠᠨᠠᠷ ᠤᠨ ᠦᠷ᠎ᠡ +︾ ᠵᠡᠷᠭᠡ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠰᠠᠶᠢᠵᠢᠷᠠᠭᠤᠯᠬᠤ ᠠᠵᠢᠯᠯᠠᠭ᠎ᠠ ᠨᠤᠭᠤᠳ ᠢ ᠥᠷᠨᠢᠭᠦᠯᠦᠭᠰᠡᠨ ᠪᠥᠭᠡᠳ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠳᠤ ᠨᠢᠭᠡ ᠪᠤᠶᠤ ᠣᠯᠠᠨ ᠬᠦᠮᠦᠨ ᠨᠢᠭᠡ ᠬᠦᠮᠦᠨ ᠳᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠥᠪᠡᠷᠮᠢᠴᠡ ᠣᠨᠴᠠᠯᠢᠭ ᠲᠠᠢ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ 30 ᠤᠳᠠᠭ᠎ᠠ ᠬᠠᠩᠭᠠᠪᠠ᠃ ︽ᠨᠡᠶᠢᠭᠡᠮ ᠲᠣᠭᠤᠷᠢᠭ ᠨᠢᠭᠡ ᠭᠡᠷ ᠢ ᠣᠯᠠᠨ ᠵᠦᠢᠯ ᠳᠤ ᠬᠡᠷᠡᠭᠯᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢᠶᠠᠷ ᠬᠥᠷᠰᠢ ᠵᠡᠷᠭᠡᠯᠡᠳᠡᠭᠡ ᠶᠢᠨ ᠬᠡᠷᠡᠭ ᠵᠥᠪᠯᠡᠯᠭᠡ᠂ ᠰᠠᠶᠢᠨ ᠳᠤᠷᠠᠴᠤᠳ ᠤᠨ ᠦᠢᠯᠡᠴᠢᠯᠡᠭᠡ᠂ ᠨᠣᠮ ᠪᠢᠴᠢᠭ ᠤᠩᠰᠢᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠴᠢ ᠰᠣᠶᠣᠯ ᠤᠨ ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ︽ᠨᠠᠮ ᠤᠨ ᠪᠠᠶᠢᠭᠤᠯᠤᠯᠲᠠ +︾ ᠰᠠᠶᠢᠨ ᠳᠤᠷᠠᠴᠤᠳ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠤᠨ᠂ ᠨᠡᠶᠢᠭᠡᠮ ᠲᠣᠭᠤᠷᠢᠭ ᠤᠨ ᠳᠣᠲᠣᠨᠣ ᠦᠢᠯᠡᠴᠢᠯᠡᠭᠡ ᠶᠢ ᠠᠷᠠᠳ ᠣᠯᠠᠨ ᠳᠤ ᠦᠨᠡᠨᠬᠦ ᠮᠡᠳᠡᠷᠡᠭᠦᠯᠵᠦ ᠪᠠᠶᠢᠨ᠎ᠠ︾ ᠭᠡᠵᠦ ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ᠤᠨ ᠱᠦᠵᠢ ᠯᠢᠦ ᠬᠦᠢ ᠮᠧᠢ ᠬᠡᠯᠡᠪᠡ᠃       ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠦᠲᠦᠮᠵᠢᠲᠡᠶ ᠠᠬᠢᠭᠤᠯᠵᠤ᠂ ᠢᠯᠡ ᠪᠤᠰᠤ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠡᠨ ᠪᠣᠳᠠᠲᠠᠢ ᠡᠳ᠋ ᠪᠣᠳᠠᠰ ᠤᠨ ᠡᠬᠢ ᠪᠠᠶᠠᠯᠢᠭ ᠪᠣᠯᠭᠠᠨ ᠬᠤᠪᠢᠷᠠᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠯᠠᠬᠤ ᠭᠠᠵᠠᠷ ᠢ ᠪᠠᠶᠢᠭᠤᠯᠵᠠᠢ᠃ ᠵᠠᠭᠤ ᠰᠢᠬᠠᠮ ᠲᠡᠭᠰᠢ ᠳᠥᠷᠪᠡᠯᠵᠢᠨ ᠮᠧᠲᠷ ᠤᠨ ᠠᠵᠢᠯᠯᠠᠬᠤ ᠭᠠᠵᠠᠷ ᠲᠤ᠂ ᠪᠦᠲᠦᠭᠡᠭᠳᠡᠬᠦᠨ ᠤ ᠤᠭ ᠮᠠᠲ᠋ᠧᠷᠢᠶᠠᠯ ᠪᠣᠯᠣᠨ ᠨᠢᠭᠡᠨᠲᠡ ᠬᠢᠵᠦ ᠳᠠᠭᠤᠰᠬᠠᠭᠰᠠᠨ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠵᠢᠶᠠᠰᠠᠨ ᠳᠤ ᠡᠮᠬᠢ ᠳᠢᠭᠯᠢᠮ ᠲᠠᠢ ᠪᠠᠶᠢᠷᠢᠯᠠᠭᠤᠯᠵᠤ᠂ ᠰᠠᠭᠤᠭᠠᠯᠢ ᠠᠷᠠᠳ ᠳᠤᠷᠠᠲᠠᠢ ᠭᠠᠷ ᠤᠷᠠᠯᠠᠯ ᠤᠨ ᠪᠦᠲᠦᠭᠡᠭᠳᠡᠬᠦᠨ ᠢᠶᠠᠨ ᠰᠣᠩᠭᠤᠵᠤ ᠠᠪᠤᠨ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠵᠢᠷᠭᠠᠯ ᠢ ᠡᠳ᠋ᠯᠡᠵᠦ ᠪᠣᠯᠣᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠄ ︽ᠪᠢ ᠡᠨᠡ ᠵᠢᠯ 66 ᠨᠠᠰᠤ ᠲᠠᠢ᠂ ᠣᠳᠣ ᠡᠶᠢᠮᠦ ᠴᠤᠯᠤ ᠭᠠᠷ ᠤᠷᠠᠯᠠᠯ ᠤᠨ ᠪᠦᠲᠦᠭᠡᠭᠳᠡᠬᠦᠨ ᠢ ᠳᠡᠮᠡᠢ ᠣᠯᠵᠤ ᠦᠵᠡᠬᠦ ᠦᠭᠡᠢ ᠪᠣᠯᠣᠭᠰᠠᠨ ᠰᠢᠤ᠂ ᠪᠢ ᠮᠠᠰᠢ ᠲᠣᠭᠤᠵᠤ ᠪᠠᠶᠢᠨ᠎ᠠ᠂ ᠦᠨᠡᠬᠡᠷ ᠰᠠᠶᠢᠬᠠᠨ ᠪᠠᠶᠢᠨ᠎ᠠ︾ ᠭᠡᠵᠦ ᠬᠡᠯᠡᠨ᠎ᠡ᠃       ᠣᠶᠢᠷ᠎ᠠ ᠶᠢᠨ ᠵᠢᠯ ᠤᠳ ᠲᠤ᠂ ᠤᠯᠠᠭᠠᠨᠪᠠᠯᠭᠠᠰᠤ ᠴᠢᠨᠠᠷ ᠰᠠᠶᠢᠲᠠᠢ ᠠᠮᠢᠳᠤᠷᠠᠯ ᠤᠨ ᠲᠤᠬᠠᠢ ᠰᠠᠶᠢᠨ ᠰᠠᠶᠢᠬᠠᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠦᠷᠳᠡᠭᠡ ᠶᠢ ᠪᠦᠬᠦ ᠲᠠᠯ᠎ᠠ ᠪᠠᠷ ᠲᠡᠰ ᠳᠡᠪᠰᠢᠭᠦᠯᠦᠨ᠂ ︽ᠭᠡᠷ ᠤᠨ ᠡᠭᠦᠳᠡᠨ ᠳᠤᠨᠢ᠂ ᠨᠢᠭᠡ ᠦᠷᠳᠡᠭᠡ ᠮᠠᠶ᠋ᠢᠭ︾ ᠤᠨ ᠴᠢᠨᠠᠷ ᠰᠠᠶᠢᠲᠠᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠥᠷᠭᠡᠳᠬᠡᠵᠦ᠂ ᠦᠨᠳᠦᠰᠦᠨ ᠱᠠᠲᠤᠨ ᠤ ᠦᠢᠯᠡᠴᠢᠯᠡᠭᠡ ᠶᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠦᠯᠦᠨ᠂ ᠨᠡᠶᠢᠭᠡᠮ ᠤᠨ ᠵᠠᠰᠠᠯᠲᠠ ᠶᠢ ᠭᠦᠨᠵᠡᠭᠡᠶᠢᠷᠡᠭᠦᠯᠪᠡ᠃ ᠤᠯᠠᠭᠠᠨᠪᠠᠯᠭᠰᠤᠨ ᠤ ᠲᠣᠰᠣᠲᠤ ᠨᠡᠶᠢᠭᠡᠮ ᠲᠣᠭᠤᠷᠢᠭ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠠᠷᠠᠳ ᠲᠦᠮᠡᠨ ᠳᠤ ᠦᠢᠯᠡᠴᠢᠯᠡᠬᠦ︾ ᠪᠠᠷ ᠭᠤᠣᠯ ᠰᠢᠵᠢᠮ ᠪᠣᠯᠭᠠᠵᠤ᠂ ︽ᠵᠢᠱᠢᠶᠡᠴᠢ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠶᠡᠭᠡ ᠠᠬᠤᠢ ᠪᠠᠶᠢᠳᠠᠯ︾ ᠳᠤ ᠲᠥᠪᠯᠡᠷᠡᠭᠦᠯᠦᠨ᠂ 5 ᠮᠢᠨᠦ᠋ᠲ + 15 ᠮᠢᠨᠦ᠋ᠲ ᠤᠨ ᠠᠮᠢᠳᠤᠷᠠᠯ ᠤᠨ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠪᠦᠯᠬᠦᠮ ᠢ ᠰᠢᠯᠢᠳᠡᠭᠵᠢᠭᠦᠯᠬᠦ ᠵᠡᠷᠭᠡ ᠪᠦᠬᠦ ᠲᠠᠯ᠎ᠠ ᠶᠢᠨ ᠴᠢᠨᠠᠷ ᠰᠠᠶᠢᠲᠠᠢ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠬᠠᠩᠭᠠᠬᠤ ᠶᠢᠨ ᠬᠠᠮᠲᠤ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠣᠶᠣᠨᠲᠤ ᠰᠡᠷᠭᠡᠶᠢᠯᠡᠯᠲᠡ᠂ ᠣᠶᠣᠨᠲᠤ ᠠᠮᠢᠳᠤᠷᠠᠯ᠂ ᠣᠶᠣᠨᠲᠤ ᠦᠢᠯᠡᠴᠢᠯᠡᠭᠡ᠂ ᠣᠶᠤᠨᠲᠤ ᠬᠤᠯᠪᠣᠭᠠᠯᠠᠯ ᠢ ᠨᠢᠭᠡ ᠴᠣᠭᠴᠠᠵᠢᠭᠤᠯᠤᠭᠰᠠᠨ ︽ᠨᠠᠮ ᠤᠨ ᠪᠠᠶᠢᠭᠤᠯᠤᠯᠲᠠ +︾ ᠣᠶᠤᠨᠲᠤ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠪᠣᠢ ᠪᠣᠯᠭᠠᠨ᠂ ᠤᠲᠤᠭ ᠬᠤᠰᠢᠭᠤᠨ ᠤ ᠳᠡᠰ ᠤᠨ ᠵᠢᠱᠢᠶᠡᠴᠢ ᠨᠡᠶᠢᠭᠡᠮ ᠲᠣᠭᠤᠷᠢᠭ ᠢ ᠬᠦᠴᠦᠯᠡᠨ ᠪᠠᠶᠢᠭᠤᠯᠵᠤ᠂ ᠣᠷᠣᠰᠢᠨ ᠰᠠᠭᠤᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠵᠣᠯ ᠵᠢᠷᠭᠠᠯᠲᠤ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠪᠠ᠃ ᠨᠡᠶᠢᠭᠡᠮ ᠲᠣᠭᠤᠷᠢᠭ ︽ᠦᠢᠯᠡᠰ ᠪᠦᠲᠦᠭᠡᠬᠦ ᠠᠵᠢᠯ ᠣᠯᠭᠤᠬᠤ︾ ᠦᠢᠯᠡᠴᠢᠯᠡᠭᠡᠨ ᠤ ᠣᠶᠢᠯᠠᠭᠠᠭᠳᠠᠬᠤᠨ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠷᠢᠯᠢᠭᠵᠢᠭᠤᠯᠤᠭᠰᠠᠨ᠂ ᠣᠯᠠᠨ ᠶᠠᠩᠵᠤ ᠪᠣᠯᠭᠠᠭᠰᠠᠨ ᠦᠢᠯᠡᠴᠢᠯᠡᠭᠡ ᠬᠠᠩᠭᠠᠵᠤ᠂ ᠤᠤᠯ ᠤᠨ ᠲᠠᠩ ᠴᠢᠭᠯᠡᠯ ᠢᠶᠠᠷ ᠵᠣᠷᠢᠭᠤᠯᠵᠤ ᠪᠠᠶᠢᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢ ᠰᠢᠯᠢᠳᠡᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠬᠤᠪᠢᠷᠠᠭᠤᠯᠵᠤ᠂ ᠨᠡᠶᠢᠭᠡᠮ ᠲᠣᠭᠤᠷᠢᠭ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ᠂   ᠬᠠᠷᠢᠶᠠᠯᠠᠭᠳᠠᠬᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃       ᠬᠠᠯᠠᠰᠢᠷᠠᠯ ᠦᠭᠡᠢ ᠪᠠᠷ ᠦᠢᠯᠡᠴᠢᠯᠡᠭᠡ ᠶᠢᠨ ᠰᠢᠨ᠎ᠡ ᠶᠢ ᠡᠭᠦᠳᠴᠦ᠂ ᠴᠣᠴᠠᠯᠲᠠ ᠦᠭᠡᠢ ᠪᠠᠷ ᠠᠷᠠᠳ ᠤᠨ ᠲᠥᠯᠥᠭᠡ ᠵᠢᠳᠬᠦᠨ᠎ᠡ᠃ ᠳᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ᠦᠷᠭᠦᠯᠵᠢᠯᠡᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠡᠷᠦᠭᠡ ᠳᠤ ᠣᠷᠣᠬᠤ ᠪᠠᠷ ᠳᠠᠮᠵᠢᠭᠤᠯᠤᠨ᠂ ᠰᠤᠷᠪᠤᠯᠵᠢᠯᠠᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠭᠤᠭᠠᠯᠢ ᠠᠷᠠᠳ ᠤᠨ ᠬᠡᠷᠡᠭᠴᠡᠭᠡ ᠪᠣᠯᠣᠨ ᠠᠮᠢᠳᠤᠷᠠᠯ ᠤᠨ ᠠᠬᠤᠢ ᠪᠠᠶᠢᠳᠠᠯ ᠢ ᠠᠭᠤᠰᠤᠯᠴᠠᠭᠤᠯᠵᠤ᠂ ᠦᠨᠳᠦᠰᠦᠨ ᠱᠠᠲᠤᠨ ᠤ ᠵᠠᠰᠠᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠷᠠᠳ ᠲᠤ ᠲᠦᠬᠦᠮ ᠦᠵᠡᠭᠦᠯᠬᠦ ᠬᠤᠳᠠᠯᠳᠤᠭ᠎ᠠ ᠵᠡᠷᠭᠡ ᠠᠷᠪᠠᠨ ᠶᠡᠭᠡ ᠠᠬᠤᠢ ᠪᠠᠶᠢᠳᠠᠯ  ᠲᠠᠢ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠪᠠᠶᠢᠭᠤᠯᠵᠤ᠂ ᠠᠳᠡᠬᠢ ᠶᠢ ᠦᠨᠡᠨᠬᠦ ᠰᠠᠭᠤᠷᠢᠰᠢᠬᠤ ᠳᠤ ᠲᠣᠬᠢᠷᠠᠮᠵᠢᠲᠠᠢ᠂ ᠠᠵᠢᠯᠯᠠᠬᠤ ᠳᠤ ᠲᠠᠭᠠᠯᠠᠮᠵᠢᠲᠠᠢ᠂ ᠰᠤᠷᠤᠯᠴᠠᠬᠤ ᠳᠤ ᠲᠣᠬᠢᠲᠠᠢ᠂ ᠰᠤᠪᠢᠯᠠᠬᠤ ᠳᠤ ᠲᠣᠬᠢᠷᠠᠮᠵᠢᠲᠠᠢ ᠵᠣᠯ ᠵᠢᠷᠭᠠᠯᠲᠤ ᠨᠡᠶᠢᠭᠡᠮ ᠲᠣᠭᠤᠷᠢᠭ ᠪᠣᠯᠭᠠᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ