ᠰᠦᠮᠡᠲᠦ ᠰᠤᠮᠤ ᠬᠥᠳᠡᠭᠡ ᠲᠣᠰᠬᠤᠨ ᠤ ᠵᠠᠮ ᠢ ᠰᠠᠭᠠᠳ ᠦᠭᠡᠢ ᠨᠠᠪᠲᠠᠷᠡᠭᠦᠯᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/12
      ᠰᠦᠮᠡᠲᠦ ᠰᠤᠮᠤ ᠳᠤ ᠠᠵᠤ ᠠᠬᠤᠢ ᠶᠢᠨ ᠰᠤᠳᠠᠰᠤ ᠮᠡᠲᠦ ᠵᠠᠮ ᠤᠳ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠰᠠᠭᠤᠷᠢ ᠲᠣᠣᠷ︾ ᠢ ᠨᠢᠭᠲᠠ ᠰᠦᠯᠵᠢᠭᠰᠡᠨ ᠪᠥᠭᠡᠳ ᠠᠵᠤ ᠦᠢᠯᠡᠰ ᠤᠨ ᠬᠥᠭᠵᠢᠯᠲᠡ ᠶᠢᠨ ︽ᠴᠢᠨᠡᠭᠡᠯᠢᠭᠵᠢᠯ ᠤᠨ ᠵᠠᠮ︾ ᠢ ᠴᠤ ᠨᠡᠪᠲᠡᠷᠡᠭᠦᠯᠵᠡᠢ᠃ ᠥᠨᠥ ᠵᠢᠯ ᠠᠴᠠ ᠨᠠᠭᠠᠰᠢ᠂ ᠰᠦᠮᠡᠲᠦ ᠰᠤᠮᠤ ᠮᠠᠯᠵᠢᠬᠤ ᠣᠷᠣᠨ ᠤ ᠵᠠᠮ ᠤᠨ ︽ᠰᠠᠶᠢᠲᠤᠷ ᠵᠠᠰᠠᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠢ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠠᠷᠢᠶ᠎ᠠ ᠣᠷᠣᠨ ᠤ ᠵᠠᠮ ᠢ ᠳᠠᠷᠠᠭᠠᠯᠠᠨ ᠪᠠᠶᠢᠴᠠᠭᠠᠬᠤ ᠪᠠ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠡᠩ ᠳᠠᠷᠳᠠᠩ ᠵᠠᠮ ᠤᠨ ᠣᠷᠴᠢᠨ ᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠵᠤ᠂ ᠮᠠᠯᠴᠢᠨ ᠲᠠᠷᠢᠶᠠᠴᠢᠨ ᠤ ᠶᠠᠪᠤᠵᠤ ᠰᠠᠭᠤᠬᠤ ᠳᠤ ᠰᠠᠨᠠᠭ᠎ᠠ ᠠᠮᠤᠷ ᠪᠠᠶᠢᠯᠭᠠᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠨᠡᠪᠲᠡᠷᠡᠯᠭᠡ ᠶᠢᠨ ᠨᠥᠬᠦᠴᠡᠯ ᠪᠠ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃      ᠰᠤᠮᠤ ᠶᠢᠨ ᠬᠢᠨ ︽ᠪᠠᠶᠢᠭᠤᠯᠬᠤ ᠪᠠ ᠠᠷᠠᠴᠢᠯᠠᠬᠤ ᠶᠢ ᠵᠡᠷᠭᠡᠪᠡᠷ ᠴᠢᠬᠤᠯᠠᠴᠢᠯᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠬᠥᠭᠵᠢᠭᠦᠯᠬᠦ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠲᠣᠣᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠪᠠᠷ ᠭᠠᠷᠳᠠᠴᠠ ᠪᠣᠯᠭᠠᠵᠤ᠂ ᠵᠠᠮ ᠤᠨ ᠪᠦᠲᠦᠭᠡᠨ ᠪᠠᠶᠢᠭᠤᠯᠤᠯᠲᠠ ᠬᠢᠭᠡᠳ ᠠᠷᠠᠴᠢᠯᠠᠨ ᠬᠠᠮᠠᠭᠠᠯᠠᠬᠤ ᠠᠵᠢᠯ ᠢ ᠰᠢᠰᠲ᠋ᠧᠮ ᠲᠠᠢ ᠠᠬᠢᠭᠤᠯᠪᠠ᠃ ᠪᠦᠲᠦᠭᠡᠨ ᠪᠠᠶᠢᠭᠤᠯᠬᠤ ᠠᠵᠢᠯ ᠳᠤ ︽ᠳᠠᠷᠠᠭᠠᠯᠠᠨ ᠪᠠᠶᠢᠴᠠᠭᠠᠵᠤ ᠲᠠᠩᠰᠠ ᠡᠪᠬᠡᠮᠡᠯ ᠪᠠᠶᠢᠭᠤᠯᠬᠤ ︱ ᠲᠥᠷᠥᠯ ᠵᠦᠢᠯ ᠢ ᠬᠥᠮᠥᠷᠭᠡ ᠳᠤ ᠣᠷᠣᠭᠤᠯᠬᠤ ︱ ᠨᠠᠷᠢᠯᠢᠭ ᠣᠨᠣᠪᠴᠢᠲᠠᠢ ᠪᠠᠷ ᠬᠡᠷᠡᠭᠵᠢᠭᠦᠯᠬᠦ︾ ᠪᠥᠬᠦ ᠬᠡᠯᠬᠢᠶᠡᠨ ᠤ ᠲᠣᠭᠲᠠᠴᠠ ᠶᠢ ᠪᠠᠶᠢᠭᠤᠯᠵᠤ᠂ ᠲᠤᠶᠢᠯᠪᠤᠷᠢᠲᠠᠢ ᠨᠠᠷᠢᠨ ᠪᠠᠶᠢᠴᠠᠭᠠᠬᠤ ᠪᠠᠷ ᠳᠡᠮᠵᠢᠨ ᠵᠠᠮ ᠤᠨ ᠳ᠋ᠠᠶᠢᠲ᠋ᠠ ᠬᠥᠮᠥᠷᠭᠡ ᠭᠠᠷᠭᠠᠨ᠂ ᠰᠡᠯᠪᠢᠨ ᠵᠠᠰᠠᠬᠤ ᠨᠥᠬᠦᠴᠡᠯ ᠳᠤ ᠨᠡᠶᠢᠴᠡᠪᠡᠯ ᠲᠥᠷᠥᠯ ᠵᠦᠢᠯ ᠤᠨ ᠪᠡᠯᠡ ᠮᠥᠩᠭᠦ ᠶᠢ ᠤᠷᠢᠳᠠᠪᠠᠷ ᠭᠤᠶᠤᠴᠢᠯᠠᠨ ᠮᠡᠳᠡᠭᠦᠯᠵᠦ᠂ ︽ᠴᠢᠨᠠᠷᠲᠠᠢ ᠰᠡᠯᠪᠢᠨ ᠵᠠᠰᠠᠵᠤ᠂ ᠣᠷᠳᠣ ᠬᠤᠭᠤᠴᠠᠭ᠎ᠠ ᠪᠠᠷ ᠬᠡᠷᠡᠭᠯᠡᠬᠦ︾ ᠪᠠᠷᠢᠮᠵᠢᠶ᠎ᠠ ᠶᠣᠰᠣᠭᠠᠷ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠰᠡᠷᠡᠮᠵᠢᠯᠡᠭᠦᠯᠬᠦ ᠲᠡᠮᠳᠡᠭ᠂ ᠬᠠᠯᠬᠠᠪᠴᠢ ᠬᠡᠷᠡᠰᠬᠡ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠬᠦᠭᠡᠷᠦᠮᠵᠢ ᠶᠢ ᠵᠡᠷᠭᠡ ᠳᠤᠨᠢ ᠲᠡᠭᠦᠯᠳᠡᠷᠵᠢᠭᠦᠯᠪᠡ᠃ ᠠᠷᠠᠴᠢᠯᠠᠨ ᠬᠠᠮᠠᠭᠠᠯᠠᠬᠤ ᠲᠠᠯ᠎ᠠ ᠪᠠᠷ ︽ᠲᠤᠰᠬᠠᠢ ᠠᠷᠠᠴᠢᠯᠠᠨ ᠬᠠᠮᠠᠭᠠᠯᠠᠬᠤ + ᠬᠥᠳᠡᠯᠦᠩᠭᠦᠢ ᠬᠢᠨᠠᠨ ᠬᠡᠮᠵᠢᠬᠦ︾ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠂ ᠠᠷᠠᠴᠢᠯᠠᠨ ᠬᠠᠮᠠᠭᠠᠯᠠᠬᠤ ᠡᠩᠨᠡᠭᠡ ᠶᠢ ᠵᠣᠬᠢᠶᠠᠨ ᠪᠠᠶᠢᠭᠤᠯᠤᠨ ᠵᠠᠮ ᠴᠡᠪᠡᠷᠯᠡᠬᠦ᠂ ᠤᠰᠤ ᠭᠠᠳᠠᠭᠰᠢᠯᠠᠭᠤᠯᠬᠤ ᠶᠢ ᠨᠡᠪᠲᠡᠷᠡᠭᠦᠯᠬᠦ ᠵᠡᠷᠭᠡ ᠡᠳᠦᠷ ᠲᠤᠲᠤᠮ ᠤᠨ ᠠᠷᠠᠴᠢᠯᠠᠨ ᠬᠠᠮᠠᠭᠠᠯᠠᠯᠲᠠ ᠬᠢᠵᠦ᠂ ᠬᠥᠭᠦᠷᠭᠡ ᠶᠢᠨ ᠭᠤᠯᠳᠤᠩ ᠵᠡᠷᠭᠡ ᠭᠤᠣᠯᠳᠠᠯᠭ᠎ᠠ ᠲᠠᠢ ᠬᠡᠰᠡᠭ ᠲᠤ ︽ᠡᠳᠦᠷ ᠡᠳᠦᠷ ᠲᠣᠭᠤᠷᠢᠨ ᠪᠠᠶᠢᠴᠠᠭᠠᠵᠤ ᠰᠠᠷ᠎ᠠ ᠰᠠᠷ᠎ᠠ ᠪᠠᠶᠢᠴᠠᠭᠠᠬᠤ︾ ᠳᠦᠷᠢᠮ ᠢ ᠬᠡᠷᠡᠭᠵᠢᠭᠦᠯᠦᠨ᠂ ᠳᠠᠯᠳᠠ ᠬᠡᠮ ᠤᠨ ᠡᠬᠡ ᠲᠠᠩᠰᠠ ᠶᠢ ᠪᠠᠶᠢᠭᠤᠯᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠪᠠ᠃ ᠬᠤᠶᠠᠷ ᠬᠦᠷᠲᠦᠲᠦ ᠬᠥᠳᠡᠯᠭᠡᠭᠦᠷ ᠢ ᠪᠠᠶᠢᠭᠤᠯᠵᠤ ᠠᠷᠠᠴᠢᠯᠠᠬᠤ ᠪᠠᠷ ᠳᠠᠮᠵᠢᠭᠤᠯᠤᠨ᠂ ︽ᠭᠠᠳᠠᠭᠠᠳᠤ ᠲᠠᠢ ᠬᠤᠯᠪᠣᠭᠠᠯᠠᠵᠤ ᠳᠣᠲᠣᠭᠠᠳᠤ ᠳᠠᠭᠠᠨ ᠰᠠᠭᠠᠳ ᠦᠭᠡᠢ ᠨᠡᠪᠲᠡᠷᠡᠭᠦᠯᠦᠨ᠂ ᠠᠮᠤᠷ ᠲᠦᠪᠰᠢᠨ ᠪᠥᠭᠡᠳ ᠳᠠᠭᠠᠭᠠᠮᠠᠭᠠᠢ ᠪᠠᠶᠢᠬᠤ ᠶᠢ ᠪᠠᠲᠤᠯᠠᠬᠤ︾ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠲᠣᠣᠷ ᠢ ᠪᠠᠶᠢᠭᠤᠯᠪᠠ᠃       ᠣᠳᠣᠬᠠᠨ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠳ ᠰᠦᠮᠡᠲᠦ ᠳᠤ ᠰᠤᠨᠤᠯᠵᠠᠵᠤ᠂ ᠵᠠᠮ ᠬᠠᠷᠢᠯᠴᠠᠭᠠᠨ ᠤ ᠪᠠᠶᠢᠷᠢᠰᠢᠯ ᠢ ᠲᠤᠶᠢᠯᠪᠤᠷᠢᠲᠠᠢ ᠥᠭᠡᠷᠡᠴᠢᠯᠡᠨ᠂ ᠠᠷᠠᠳ ᠣᠯᠠᠨ ᠤ ᠶᠠᠪᠤᠵᠤ ᠰᠠᠭᠤᠬᠤ ᠳᠤ ᠲᠤᠶᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ ᠬᠤᠶᠢᠰᠢᠳᠠ᠂ ᠰᠤᠮᠤ ᠶᠢᠨ ᠬᠢᠨ ᠵᠠᠮ ᠤᠨ ᠬᠡᠪᠴᠢᠶᠡᠨ ᠤ ᠬᠠᠮᠢᠶᠠᠷᠤᠯᠲᠠ ᠠᠷᠠᠴᠢᠯᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠵᠠᠮ ᠲᠡᠭᠡᠭᠡᠪᠦᠷᠢ ᠶᠢᠨ ᠬᠥᠳᠡᠯᠭᠡᠬᠦ ᠬᠦᠴᠦᠨ ᠨᠡᠮᠡᠷᠢᠯᠡᠨ᠂ ︽ᠲᠦᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠢ ᠣᠷᠣᠰᠢᠨ ᠰᠠᠭᠤᠵᠤ ᠦᠢᠯᠡᠰ ᠪᠦᠲᠦᠭᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠰᠠᠶᠢᠲᠤᠷ ᠬᠦᠴᠦᠨ ᠨᠡᠮᠡᠷᠢᠯᠡᠭᠦᠯᠵᠦ᠂ ᠬᠥᠳᠡᠭᠡ ᠲᠣᠰᠬᠤᠨ ᠭᠤᠶᠤ ᠰᠠᠶᠢᠬᠠᠨ᠂ ᠠᠷᠠᠳ ᠪᠠᠶᠠᠨ ᠴᠢᠨᠡᠭᠡᠯᠢᠭ᠂ ᠠᠵᠤ ᠦᠢᠯᠡᠰ ᠬᠥᠭᠵᠢᠩᠭᠦᠢ ᠰᠠᠶᠢᠬᠠᠨ ᠬᠦᠰᠡᠯ ᠢ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ