ᠣᠲᠤᠭ ᠬᠤᠰᠢᠭᠤᠨ ᠤ ᠤᠯᠠᠭᠠᠨᠪᠠᠯᠭᠠᠰᠤ ᠶᠢᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ  ᠨᠤᠲᠤᠭ ᠤᠨ ᠭᠠᠷᠤᠯᠲᠠ ᠪᠠᠨ ᠠᠯᠳᠠᠷᠰᠢᠭᠤᠯᠤᠨ᠎ᠠ
ᠨᠡᠶᠢᠲᠡᠯᠡᠭᠰᠡᠨ ᠴᠠᠭ᠄
2025/3/12
      ︽ᠨᠠᠶᠢᠵᠠ ᠨᠠᠷ ᠠ᠋᠂ ᠮᠠᠨ ᠤ ᠭᠠᠴᠠᠭᠠᠨ ᠤ ᠡᠨᠡ ᠬᠦ ᠴᠡᠪᠡᠷ ᠪᠠᠶᠢᠭᠠᠯᠢᠯᠢᠭ᠂ ᠪᠣᠬᠢᠷᠲᠤᠯ ᠦᠭᠡᠢ ᠬᠠᠲᠠᠭᠠᠭᠰᠠᠨ ᠮᠠᠯ ᠤᠨ ᠮᠢᠬ᠎ᠠ ᠶᠢ ᠥᠪᠡᠷ ᠢᠶᠠᠨ ᠦᠢᠯᠡᠳᠪᠦᠷᠢᠯᠡᠵᠦ ᠥᠪᠡᠷ ᠢᠶᠠᠨ ᠪᠣᠷᠣᠯᠠᠭᠤᠯᠳᠠᠭ ᠶᠤᠮ᠂ ᠴᠢᠨᠠᠷ ᠤᠨ ᠲᠠᠯ᠎ᠠ ᠪᠠᠷ ᠶᠡᠷᠦ ᠠᠴᠠ ᠠᠰᠠᠭᠤᠳᠠᠯ ᠦᠭᠡᠢ᠂ ᠬᠤᠷᠳᠤᠨ ᠠᠪᠬᠤ ᠦᠭᠡᠢ ᠪᠣᠯ ᠪᠠᠷᠠᠴᠢᠬᠠᠨ᠎ᠠ ᠰᠢᠤ︕︾      ᠣᠶᠢᠷ᠎ᠠ ᠶᠢᠨ ᠬᠤᠭᠤᠴᠠᠭᠠᠨ ᠳᠤ᠂ ᠤᠯᠠᠭᠠᠨᠪᠠᠯᠭᠠᠰᠤ ᠶᠢᠨ ᠴᠠᠭᠠᠨᠨᠠᠭᠤᠷ ᠭᠠᠴᠠᠭ᠎ᠠ ᠶᠢᠨ ᠬᠤᠲᠠ ᠬᠤᠰᠢᠭᠤ ᠬᠤᠶᠠᠷ ᠱᠠᠲᠤᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠴᠢᠶᠣᠤ ᠵᠢᠶᠦ᠋ᠨ ᠾᠧᠦ ᠪᠣᠯᠣᠨ ᠣᠤ ᠪᠦᠦ ᠹᠸᠡᠭ ᠬᠤᠶᠠᠷ ᠰᠢᠭᠤᠳ ᠨᠡᠪᠲᠡᠷᠡᠭᠦᠯᠭᠡ ᠶᠢᠨ ᠥᠷᠥᠭᠡᠨ ᠳᠡᠭᠡᠨ ᠭᠠᠴᠠᠭᠠᠨ ᠤ ᠥᠪᠡᠷᠮᠢᠴᠡ ᠣᠨᠴᠠᠯᠢᠭ ᠲᠠᠢ ᠬᠠᠲᠠᠭᠠᠭᠰᠠᠨ ᠮᠠᠯ ᠤᠨ ᠮᠢᠬ᠎ᠠ ᠶᠢ ᠰᠦᠯᠵᠢᠶᠡᠨ ᠤ ᠨᠠᠶᠢᠵᠠ ᠨᠠᠷ ᠲᠤ ᠨᠠᠷᠢᠨ ᠲᠠᠨᠢᠯᠴᠠᠭᠤᠯᠵᠤ᠂ ᠬᠥᠰᠢᠭᠡᠨ ᠤ ᠨᠥᠭᠦᠭᠡ ᠲᠠᠯ᠎ᠠ ᠳᠤ ᠡᠯ᠎ᠡ ᠭᠠᠵᠠᠷ ᠤᠨ ᠰᠦᠯᠵᠢᠶᠡᠨ ᠤ ᠨᠠᠶᠢᠵᠠ ᠨᠠᠷ ᠵᠠᠯᠭᠠᠭ᠎ᠠ ᠵᠠᠯᠭᠠᠭ᠎ᠠ ᠪᠠᠷ ᠮᠠᠭᠲᠠᠨ ᠰᠠᠶᠢᠰᠢᠶᠠᠵᠤ᠂ ᠬᠤᠳᠠᠯᠳᠤᠵᠤ ᠠᠪᠤᠨ᠂ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠢ ᠲᠤᠰᠠᠯᠠᠬᠤ ᠰᠢᠭᠤᠳ ᠨᠡᠪᠲᠡᠷᠡᠭᠦᠯᠭᠡ ᠶᠠᠭ ᠢᠳᠡ ᠬᠥᠭ ᠲᠠᠢ ᠶᠠᠪᠤᠭᠳᠠᠵᠤ ᠪᠠᠶᠢᠯ᠎ᠠ ᠁ ᠨᠢᠳᠤᠨᠤᠨ ᠡᠪᠦᠯ ᠠᠴᠠ ᠨᠠᠭᠠᠰᠢ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠳᠥᠷᠪᠡᠳᠦᠭᠡᠷ ᠠᠵᠢᠯᠯᠠᠬᠤ ᠠᠩᠭᠢ ᠶᠢᠨ ᠭᠡᠰᠢᠭᠦᠳ ᠴᠠᠭᠠᠨᠨᠠᠭᠤᠷ ᠭᠠᠴᠠᠭ᠎ᠠ ᠶᠢᠨ ᠮᠠᠯᠴᠢᠨ ᠲᠠᠷᠢᠶᠠᠴᠢᠨ ᠢ ᠰᠤᠷᠪᠤᠯᠵᠢᠯᠠᠬᠤ ᠶᠠᠪᠤᠴᠠ ᠳᠤ᠂ ᠮᠠᠯᠴᠢᠨ ᠲᠠᠷᠢᠶᠠᠴᠢᠨ ᠤ ᠦᠬᠡᠷ ᠬᠤᠨᠢᠨ ᠮᠢᠬ᠎ᠠ ᠪᠠᠨ ᠬᠠᠳᠠᠭᠠᠯᠠᠵᠤ ᠪᠣᠷᠣᠯᠠᠭᠤᠯᠬᠤ ᠳᠤ ᠬᠦᠴᠢᠷᠲᠡᠢ ᠪᠠᠶᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠬᠦᠨᠳᠦ ᠨᠣᠴᠢᠲᠠᠢ ᠨᠥᠯᠥᠭᠡᠯᠡᠨ᠂ ᠦᠬᠡᠷ ᠬᠤᠨᠢᠨ ᠤ ᠮᠢᠬ᠎ᠠ ᠶᠢᠨ ᠴᠢᠨᠠᠷ ᠨᠢ ᠰᠠᠶᠢᠨ ᠪᠣᠯᠪᠠᠴᠤ ᠪᠤᠶᠢᠳᠠ ᠪᠥᠭᠯᠡᠭᠦᠦ ᠪᠣᠯᠬᠤᠷ ᠪᠣᠷᠤᠯᠠᠭᠤᠯᠭ᠎ᠠ ᠶᠢᠨ ᠠᠷᠭ᠎ᠠ ᠵᠠᠮ ᠳᠤᠲᠠᠭᠳᠠᠵᠤ ᠪᠠᠶᠢᠬᠤ ᠪᠠᠶᠢᠳᠠᠯ ᠢ ᠣᠶᠢᠯᠠᠭᠠᠵᠠᠢ᠃ ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠠᠴᠠᠭ᠎ᠠ ᠲᠣᠰᠬᠤᠨ ᠳᠤ ᠰᠠᠭᠤᠭ᠎ᠠ ᠱᠦᠵᠢ ᠪᠣᠯᠣᠨ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠵᠢᠴᠢ ᠤᠯᠠᠭᠠᠨᠪᠠᠯᠭᠠᠰᠤ ᠶᠢᠨ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯᠯᠠᠬᠤ ᠠᠩᠭᠢ ᠶᠢᠨ ᠳᠣᠷᠣᠭᠰᠢ ᠪᠠᠭᠤᠭᠰᠠᠨ ᠺᠠᠳ᠋ᠷᠴᠤᠳ ᠠᠷᠭ᠎ᠠ ᠪᠦᠬᠦᠨ ᠢ ᠰᠦᠪᠡᠭᠴᠢᠯᠡᠨ ᠪᠣᠷᠣᠯᠠᠭᠤᠯᠬᠤ ᠵᠠᠮ ᠡᠷᠢᠵᠦ᠂ ᠡᠴᠦᠰ ᠲᠡᠭᠡᠨ ᠪᠣᠷᠤᠯᠠᠭᠤᠯᠭ᠎ᠠ ᠮᠠᠭᠤᠲᠠᠢ ᠮᠠᠯ ᠤᠨ ᠮᠢᠬ᠎ᠠ ᠶᠢ ᠭᠠᠴᠠᠭ᠎ᠠ ᠲᠣᠰᠬᠤᠨ ᠤ ᠬᠠᠮᠲᠤ ᠶᠢᠨ ᠬᠦᠢᠲᠡᠨ ᠬᠥᠮᠥᠷᠭᠡ ᠳᠤ ᠬᠠᠲᠠᠭᠠᠭᠠᠳ᠂ ᠬᠠᠲᠠᠭᠠᠭᠰᠠᠨ ᠬᠤᠨᠢᠨ ᠮᠢᠬ᠎ᠠ ᠪᠠᠨ ᠢᠷᠡᠬᠦ ᠵᠢᠯ ᠤᠨ ᠬᠠᠪᠤᠷ ᠪᠣᠷᠣᠯᠠᠭᠤᠯᠬᠤ ᠶᠢᠨ ᠬᠠᠮᠲᠤ ᠰᠢᠭᠤᠳ ᠨᠡᠪᠲᠡᠷᠡᠭᠦᠯᠭᠡ ᠳᠡᠭᠡᠷ᠎ᠡ ᠪᠠᠷᠠᠭ᠎ᠠ ᠬᠤᠳᠠᠯᠳᠤᠬᠤ ᠰᠢᠨ᠎ᠡ ᠬᠡᠯᠪᠡᠷᠢ ᠪᠠᠷ ᠰᠦᠯᠵᠢᠶᠡᠨ ᠳᠡᠭᠡᠷ᠎ᠡ ᠪᠣᠷᠣᠯᠠᠭᠤᠯᠬᠤ ᠪᠠᠷ ᠲᠥᠯᠥᠪᠯᠡᠭᠰᠡᠨ ᠪᠠᠶᠢᠨ᠎ᠠ᠃      ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠳᠤ ᠦᠵᠡᠭᠴᠢᠳ ᠤᠨ ᠰᠣᠨᠢᠷᠬᠠᠯ ᠢ ᠲᠠᠲᠠᠬᠤ ᠪᠠᠷ ᠣᠯᠠᠨ ᠢᠶᠠᠷ ᠢᠶᠠᠨ ᠨᠢᠭᠲᠠ ᠬᠠᠮᠵᠢᠯᠴᠠᠨ᠂ ᠪᠠᠭᠠᠵᠢ ᠬᠡᠷᠡᠭᠰᠡᠯ᠂ ᠠᠮᠪᠠᠨ᠂ ᠳᠡᠭᠡᠰᠦ᠂ ᠬᠠᠳᠠᠭᠠᠬᠤ ᠵᠢᠶᠠᠰᠠ ᠵᠡᠷᠭᠡ ᠪᠠᠭᠠᠵᠢ ᠶᠢ ᠨᠢᠮᠪᠠᠢ ᠪᠡᠯᠡᠳᠬᠡᠵᠦ᠂ 2.5᠄ 1 ᠶᠢᠨ ᠬᠠᠷᠢᠴᠠᠯ ᠢᠶᠠᠷ ᠮᠠᠯ ᠤᠨ ᠮᠢᠬ᠎ᠠ ᠪᠠᠨ ᠵᠦᠰᠦᠵᠦ ᠡᠯᠭᠦᠨ ᠬᠠᠲᠠᠭᠠᠭᠰᠠᠨ ᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠰᠠᠯᠬᠢ ᠵᠢᠪᠠᠷ ᠨᠡᠪᠲᠡᠷᠡᠬᠦ ᠨᠢ ᠰᠠᠶᠢᠨ᠂ ᠬᠠᠭᠤᠷᠠᠢ᠂ ᠠᠷᠢᠭᠤᠨ ᠴᠡᠪᠡᠷ ᠮᠢᠬ᠎ᠠ ᠬᠠᠲᠠᠭᠠᠬᠤ ᠣᠷᠴᠢᠨ ᠢ ᠳᠡᠯᠭᠡᠨ ᠦᠵᠡᠭᠦᠯᠵᠦ᠂ ᠰᠢᠭᠤᠳ ᠨᠡᠪᠲᠡᠷᠡᠭᠦᠯᠭᠡ ᠳᠡᠭᠡᠨ ᠭᠠᠴᠠᠭ᠎ᠠ ᠲᠣᠰᠬᠤᠨ ᠤ ᠬᠠᠲᠠᠭᠠᠭᠰᠠᠨ ᠮᠠᠯ ᠤᠨ ᠮᠢᠬ᠎ᠠ ᠶᠢᠨ ᠳᠠᠪᠠᠭᠤᠯᠢᠭ ᠪᠠ ᠰᠢᠮ᠎ᠡ ᠲᠡᠵᠢᠭᠡᠯ ᠤᠨ ᠦᠨ᠎ᠡ ᠥᠷᠲᠡᠭ ᠢ ᠬᠡᠷᠡᠭᠯᠡᠭᠴᠢᠳ ᠲᠤ ᠨᠠᠷᠢᠯᠢᠭ ᠣᠨᠣᠪᠴᠢᠲᠠᠢ ᠳᠠᠮᠵᠢᠭᠤᠯᠬᠤ ᠶᠢ ᠵᠣᠷᠢᠵᠠᠢ᠃ ᠲᠤᠬᠠᠢ ᠶᠢᠨ ᠡᠳᠦᠷ ᠤᠨ ᠰᠢᠭᠤᠳ ᠨᠡᠪᠲᠡᠷᠡᠭᠦᠯᠭᠡ ᠨᠢ ᠰᠥᠨᠢ ᠶᠢᠨ ᠠᠷᠪᠠᠨ ᠨᠢᠭᠡᠨ ᠴᠠᠭ ᠭᠠᠷᠤᠢ ᠪᠣᠯᠲᠠᠯ᠎ᠠ ᠦᠷᠭᠦᠯᠵᠢᠯᠡᠵᠦ᠂ ᠠᠩᠬ᠎ᠠ ᠤᠳᠠᠭᠠᠨ ᠤ ᠰᠢᠭᠤᠳ ᠨᠡᠪᠲᠡᠷᠡᠭᠦᠯᠭᠡ ᠨᠢ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠪᠣᠯᠲᠠᠯ᠎ᠠ᠂ ᠰᠦᠯᠵᠢᠶᠡᠨ ᠳᠡᠭᠡᠷ᠎ᠡ ᠭᠥᠯᠢᠶᠡᠨ ᠠᠪᠤᠭᠰᠠᠨ ᠵᠠᠬᠢᠶᠠᠯᠠᠭ᠎ᠠ ᠶᠢᠨ ᠮᠥᠩᠭᠦ 40000 ᠲᠥᠭᠦᠷᠢᠭ ᠲᠤ ᠬᠦᠷᠴᠡᠢ᠃ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ  ᠨᠢ ᠴᠠᠭᠠᠨᠨᠠᠭᠤᠷ ᠭᠠᠴᠠᠭ᠎ᠠ ᠶᠢᠨ ᠬᠠᠮᠲᠤ ᠶᠢᠨ ᠪᠦᠯᠬᠦᠮᠳᠡᠯ ᠬᠠᠮᠵᠢᠯᠴᠠᠭ᠎ᠠ ᠶᠢᠨ ᠨᠢᠭᠡ ᠤᠳᠠᠭᠠᠨ ᠤ ᠠᠰᠢᠭᠲᠠᠢ ᠰᠦᠪᠡᠭᠴᠢᠯᠡᠯᠲᠡ ᠪᠣᠯᠬᠤ ᠪᠥᠭᠡᠳ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠳᠤ ᠰᠢᠨ᠎ᠡ ᠠᠷᠭ᠎ᠠ ᠮᠠᠶ᠋ᠢᠭ ᠢ ᠨᠡᠭᠡᠭᠡᠭᠰᠡᠨ ᠪᠠᠶᠢᠨ᠎ᠠ᠃ ᠳᠠᠷᠠᠭ᠎ᠠ ᠠᠯᠬᠤᠮ ᠳᠤ᠂ ᠤᠯᠠᠭᠠᠨᠪᠠᠯᠭᠠᠰᠤ ᠶᠢᠨ  ᠬᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ ᠬᠦᠴᠦᠯᠡᠨ ᠡᠭᠦᠳᠴᠦ᠂ ᠰᠢᠭᠤᠳ ᠨᠡᠪᠲᠡᠷᠡᠭᠦᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠂ ᠨᠠᠩ ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠲᠤᠭ ᠬᠤᠰᠢᠭᠤ ᠠᠴᠠ ᠭᠠᠷᠭᠠᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ