3 ᠳ᠋ᠤᠭᠠᠷ ᠰᠠᠷ᠎ᠠ ᠶᠢᠨ 11 ᠤ ᠡᠳᠦᠷ᠂ ᠴᠢ ᠫᠠᠨ ᠵᠢᠩ ᠪᠠᠯᠭᠠᠰᠤᠨ ᠤ ᠣᠯᠠᠨ ᠨᠣᠬᠠᠢ ᠶᠢᠨ ᠴᠢᠷᠭ᠎ᠠ ᠲᠣᠰᠬᠤᠨ ᠳᠤ ︽ᠨᠢᠭᠤᠷᠳᠠᠨ ᠦᠢᠯᠡᠴᠢᠯᠡᠬᠦ ᠡᠳᠦᠷ︾ | ᠤᠨ ᠠᠵᠢᠯᠯᠠᠭ᠎ᠠ ᠥᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠨᠢ ᠮᠠᠯᠴᠢᠨ ᠲᠠᠷᠢᠶᠠᠴᠢᠨ ᠤ ᠠᠮᠢᠳᠤᠷᠠᠯ ᠪᠠ ᠦᠢᠯᠡᠳᠪᠦᠷᠢᠯᠡᠯ ᠤᠨ ᠣᠯᠠᠨ ᠵᠠᠩᠭᠢᠯᠠᠭ᠎ᠠ ᠶᠢᠨ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠳᠣᠲᠣᠨᠣ ᠦᠢᠯᠡᠴᠢᠯᠡᠭᠡ ᠪᠣᠯᠣᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠᠷ ᠠᠷᠠᠳ ᠣᠯᠠᠨ ᠳᠤ ᠪᠣᠳᠠᠲᠠᠢ | ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠮᠠᠯᠴᠢᠨ ᠲᠠᠷᠢᠶᠠᠴᠢᠳ ᠲᠤ | ᠣᠷᠣᠨ ᠰᠠᠭᠤᠴᠠ ᠶᠢᠨ ᠰᠠᠭᠤᠷᠢ ᠭᠠᠵᠠᠷ ᠢ ᠬᠢᠨᠠᠨ ᠵᠥᠪᠰᠢᠶᠡᠷᠡᠬᠦ᠂ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠳᠠᠩᠰᠠᠯᠠᠬᠤ᠂ ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠮᠠᠲ᠋ᠧᠷᠢᠶᠠᠯ ᠢ ᠴᠤᠭᠯᠠᠭᠤᠯᠬᠤ ᠵᠢᠴᠢ ᠵᠣᠭᠤᠰ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ | ᠭᠦᠢᠴᠡᠳᠬᠡᠪᠡ᠃ ᠠᠵᠢᠯᠲᠠᠳ ᠲᠥᠷᠥ ᠶᠢᠨ ᠪᠣᠳᠣᠯᠭ᠎ᠠ ᠶᠢᠨ ᠲᠤᠬᠠᠢ ᠠᠰᠠᠭᠤᠯᠲᠠ ᠶᠢ ᠬᠦᠯᠢᠴᠡᠩᠭᠦᠢ ᠬᠠᠷᠢᠭᠤᠯᠵᠤ᠂ ᠮᠠᠯᠴᠢᠨ ᠲᠠᠷᠢᠶᠠᠴᠢᠳ ᠢ ᠵᠢᠯᠤᠭᠤᠳᠴᠦ | ᠬᠦᠰᠦᠨᠦᠭ ᠲᠠᠭᠯᠠᠭᠤᠯᠤᠨ᠂ ᠮᠠᠲ᠋ᠧᠷᠢᠶᠠᠯ ᠲᠤᠰᠢᠶᠠᠯᠭᠠᠵᠤ᠂ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠴᠠᠭ ᠢ ᠶᠡᠬᠡᠪᠡᠷ ᠠᠷᠪᠢᠯᠠᠵᠠᠢ᠃ ᠨᠤᠤᠯᠤᠭᠤᠷ ᠤᠨ | ᠢᠮᠠᠭ᠎ᠠ ᠶᠢ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠣᠪᠴᠢᠶ᠎ᠠ ᠶᠢᠨ ᠲᠤᠰᠬᠠᠢ ᠮᠡᠷᠭᠡᠵᠢᠯᠲᠡᠳ ᠨᠤᠤᠯᠤᠭᠤᠷ ᠤᠨ ᠢᠮᠠᠭ᠎ᠠ ᠶᠢ ᠴᠢᠨᠠᠷ ᠰᠠᠶᠢᠲᠠᠢ ᠦᠨ᠎ᠡ ᠰᠠᠶᠢᠲᠠᠢ ᠲᠠᠰ ᠬᠤᠪᠢᠶᠠᠨ ᠡᠮᠬᠢᠯᠡᠬᠦ | ᠮᠡᠷᠭᠡᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠬᠢᠪᠡ᠃ ᠨᠤᠤᠯᠤᠭᠤᠷ ᠤᠨ ᠢᠮᠠᠭᠠᠨ ᠤ ᠡᠭᠦᠯᠳᠡᠷ ᠢ ᠰᠣᠩᠭᠤᠨ ᠪᠣᠶᠢᠵᠢᠭᠤᠯᠬᠤ᠂ ᠲᠡᠵᠢᠭᠡᠨ ᠠᠷᠠᠴᠢᠯᠠᠵᠤ | ᠬᠠᠮᠢᠶᠠᠷᠬᠤ᠂ ᠨᠤᠤᠯᠤᠭᠤᠷ ᠤᠨ ᠲᠡᠰ ᠬᠤᠪᠢᠶᠠᠬᠤ ᠤᠷ᠎ᠠ ᠮᠡᠷᠭᠡᠵᠢᠯ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠲᠡᠵᠢᠭᠡᠨ ᠦᠷᠡᠵᠢᠭᠦᠯᠬᠦ ᠡᠷᠥᠭᠡ ᠶᠢᠨ | ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ | ᠲᠣᠰ ᠠᠵᠢᠯᠯᠠᠭ᠎ᠠ ᠳᠤ ᠣᠲᠤᠭ ᠬᠤᠰᠢᠭᠤᠨ ᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯᠲᠡᠨ ᠪᠠ | ᠭᠠᠳᠠᠷ ᠰᠠᠯᠠᠭᠠᠨ ᠤ ᠲᠤᠰᠬᠠᠢ ᠮᠡᠷᠭᠡᠵᠢᠯᠲᠡᠨ ᠢ ᠲᠤᠰᠬᠠᠶᠢᠯᠠᠨ ᠤᠷᠢᠵᠤ᠂ ᠵᠠᠷᠤᠳᠠᠯ ᠬᠤᠷᠢᠶᠠᠬᠤ ᠦᠭᠡᠢ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠦᠢᠯᠡᠴᠢᠯᠡᠭᠡ | ᠬᠠᠩᠭᠠᠨ᠂ ᠲᠥᠷᠥᠯ ᠵᠦᠢᠯ ᠳᠤ ᠴᠢᠰᠤᠨ ᠳᠠᠷᠤᠯᠲᠠ ᠪᠠ ᠴᠢᠰᠤᠨ ᠰᠢᠬᠢᠷ ᠤᠨ ᠬᠡᠮᠵᠢᠯᠲᠡ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠪᠠᠶᠢᠴᠠᠭᠠᠯᠲᠠ᠂ B ᠬᠡᠲᠦ | ᠳᠣᠯᠭᠢᠶᠠᠨ ᠤ ᠪᠠᠶᠢᠴᠠᠭᠠᠯᠲᠠ᠂ ᠤᠳᠠᠭᠠᠨ ᠴᠢᠨᠠᠷᠲᠠᠢ ᠡᠪᠡᠳᠴᠢᠨ ᠤ ᠯᠠᠪᠯᠠᠯᠭ᠎ᠠ ᠵᠡᠷᠭᠡ ᠣᠯᠠᠨ ᠵᠦᠢᠯ ᠤᠨ ᠪᠠᠶᠢᠴᠠᠭᠠᠯᠲᠠ ᠶᠢ ᠬᠠᠮᠤᠷᠴᠤ᠂ ᠬᠠᠷᠠᠭᠠᠯᠵᠠᠭᠰᠠᠨ ᠡᠷᠡᠭᠦᠯ | ᠮᠡᠨᠳᠦ ᠶᠢᠨ ᠰᠠᠨᠠᠭᠤᠯᠭ᠎ᠠ ᠳᠤᠷᠠᠳᠪᠠ᠃ ᠲᠤᠬᠠᠢ ᠶᠢᠨ ᠲᠠᠯᠠᠪᠤᠷ ᠲᠤ ᠪᠠᠰᠠ ᠴᠢ ᠫᠠᠨ ᠵᠢᠩ ᠪᠠᠯᠭᠠᠰᠤᠨ ᠤ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ | ᠶᠠᠪᠤᠳᠠᠯ ᠤᠨ ᠠᠵᠢᠯᠲᠠᠨ ᠦᠨᠡᠨ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠦᠷᠭᠦᠯᠵᠢ ᠲᠣᠬᠢᠶᠠᠯᠳᠤᠳᠠᠭ ᠮᠡᠬᠡᠯᠡᠬᠦ ᠠᠷᠭ᠎ᠠ ᠪᠠᠷᠢᠯ ᠪᠠ ᠰᠡᠷᠭᠡᠶᠢᠯᠡᠬᠦ | ᠠᠷᠭ᠎ᠠ ᠶᠢ ᠨᠠᠷᠢᠨ ᠲᠠᠨᠢᠯᠴᠠᠭᠤᠯᠵᠤ᠂ ᠭᠠᠴᠠᠭ᠎ᠠ ᠲᠣᠰᠬᠤᠨ ᠤ ᠠᠷᠠᠳ ᠢ ᠬᠠᠪᠰᠤᠷᠤᠨ ︽ᠤᠯᠤᠰ ᠤᠨ ᠮᠡᠬᠡᠯᠡᠯ ᠢ ᠡᠰᠡᠷᠭᠦᠴᠡᠬᠦ APP︾ ᠶᠢ ᠤᠭᠰᠠᠷᠠᠭᠤᠯᠵᠤ᠂ | ᠭᠠᠴᠠᠭ᠎ᠠ ᠲᠣᠰᠬᠤᠨ ᠤ ᠠᠷᠠᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠡᠳ᠋ ᠮᠥᠩᠭᠦ ᠶᠢ ᠬᠠᠮᠠᠭᠠᠯᠠᠵᠠᠢ᠃ | ᠲᠣᠰ ᠤᠳᠠᠭᠠᠨ ᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠪᠠᠷ ᠨᠡᠶᠢᠲᠡ 200 ᠭᠠᠷᠤᠢ ᠣᠯᠠᠨ ᠲᠦᠮᠡᠨ ᠳᠤ ᠦᠢᠯᠡᠴᠢᠯᠡᠵᠦ᠂ | ᠲᠤᠬᠠᠢ ᠶᠢᠨ ᠲᠠᠯᠠᠪᠤᠷ ᠲᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠬᠡᠷᠡᠭᠵᠢᠭᠦᠯᠦᠭᠰᠡᠨ 77 ᠡᠷᠦᠬᠡ ᠶᠢᠨ ᠵᠠᠷᠤᠳᠠᠯ ᠬᠤᠷᠢᠶᠠᠬᠤ | ᠶᠠᠪᠤᠳᠠᠯ ᠢ ᠭᠦᠢᠴᠡᠳᠬᠡᠨ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠶᠢ 280 ᠭᠠᠷᠤᠢ ᠬᠥᠮᠥᠨ ᠤᠳᠠᠭ᠎ᠠ ᠬᠠᠩᠭᠠᠨ᠂ ᠦᠢᠯᠡᠴᠢᠯᠡᠭᠡ | ᠪᠣᠯᠣᠨ ᠨᠥᠬᠦᠪᠦᠷᠢ ᠶᠢᠨ ᠳᠠᠩᠰᠠᠯᠠᠯ ᠢ 30 ᠭᠠᠷᠤᠢ ᠬᠥᠮᠥᠨ ᠤᠳᠠᠭ᠎ᠠ ᠬᠠᠪᠰᠤᠷᠤᠨ ᠭᠦᠢᠴᠡᠳᠬᠡᠵᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 300 ᠭᠠᠷᠤᠢ ᠲᠠᠷᠬᠠᠭᠠᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠳᠡᠪᠲᠡᠷ ᠢ 150 ᠭᠠᠷᠤᠢ | ᠬᠤᠪᠢ ᠲᠠᠷᠬᠠᠭᠠᠪᠠ᠃ ᠪᠣᠳᠠᠲᠤ ᠠᠵᠢᠯᠯᠠᠭ᠎ᠠ ᠪᠠᠷ ᠢᠶᠠᠨ ︽ᠨᠢᠭᠤᠷᠳᠠᠨ ᠦᠢᠯᠡᠴᠢᠯᠡᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠶᠢ ᠪᠡᠶᠡᠯᠡᠭᠦᠯᠦᠭᠰᠡᠨ | ᠪᠠᠶᠢᠨ᠎ᠠ᠃ | | | |