ᠨᠡᠶᠢᠭᠡᠮ ᠲᠣᠭᠤᠷᠢᠭ ᠤᠨ ᠠᠵᠢᠯ ᠡᠷᠢᠭᠰᠡᠳ ᠤᠨ ᠠᠵᠢᠯ ᠣᠯᠬᠤ ᠬᠦᠰᠡᠯ ᠢ ᠨᠢ ᠭᠡᠷᠡᠯᠲᠦᠭᠦᠯᠵᠦ  ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/3/14
      3 ᠳ᠋ᠤᠭᠠᠷ ᠰᠠᠷ᠎ᠠ ᠶᠢᠨ 12 ᠤᠨ ᠡᠳᠦᠷ᠂ ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ︽ᠬᠠᠪᠤᠷ ᠤᠨ ᠰᠠᠯᠬᠢᠨ ᠤ ᠠᠵᠢᠯᠯᠠᠭ᠎ᠠ︾ ᠲᠠᠢ ᠤᠶᠠᠯᠳᠤᠭᠤᠯᠤᠨ᠂ ᠣᠲᠤᠭ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠪᠦᠦ ᠹᠧᠩ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠣᠲᠤᠭ ᠬᠤᠰᠢᠭᠤᠨ ᠤ ᠬᠥᠳᠡᠯᠮᠦᠷᠢ ᠦᠢᠯᠡᠴᠢᠯᠡᠭᠡᠨ ᠤ ᠬᠤᠪᠢᠶᠠᠷᠢ ᠺᠣᠮᠫᠠᠨᠢ ᠲᠠᠢ ᠬᠠᠮᠲᠤᠷᠠᠵᠤ ᠤᠯᠠᠭᠠᠨᠪᠠᠯᠭᠠᠰᠤᠨ ᠤ ᠰᠤᠯᠠ ᠠᠵᠢᠯᠲᠠᠳ ᠤᠨ ᠵᠠᠬ᠎ᠠ ᠳᠡᠯᠭᠡᠭᠦᠷ ᠲᠤ ᠣᠯᠠᠨ ᠤ ᠠᠩᠬᠠᠷᠤᠯ ᠢ ᠲᠠᠲᠠᠭᠰᠠᠨ ᠠᠵᠢᠯᠲᠠᠨ ᠡᠯᠰᠡᠬᠦ ᠴᠤᠭᠯᠠᠭᠠᠨ ᠢ ᠡᠷᠬᠢᠯᠡᠨ ᠶᠠᠪᠤᠭᠳᠠᠭᠤᠯᠵᠤ᠂ ᠮᠠᠰᠢ ᠣᠯᠠᠨ ᠠᠵᠢᠯ ᠬᠦᠯᠢᠶᠡᠭᠰᠡᠳ ᠤᠨ ᠠᠩᠬᠠᠷᠤᠯ ᠢ ᠲᠠᠲᠠᠪᠠ᠃      ᠠᠵᠢᠯ ᠡᠷᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠲᠤᠰᠬᠠᠢ ᠳᠠᠩᠰᠠᠯᠠᠬᠤ ᠣᠷᠣᠨ ᠭᠠᠷᠭᠠᠵᠠᠢ᠃ ᠠᠵᠢᠯᠲᠠᠳ ᠬᠠᠯᠠᠭᠤᠮᠰᠤᠭ ᠢᠶᠠᠷ ᠠᠵᠢᠯ ᠡᠷᠢᠭᠰᠡᠳ ᠢ ᠬᠠᠪᠰᠤᠷᠤᠨ ᠠᠵᠢᠯ ᠡᠷᠢᠬᠦ ᠪᠦᠷᠢᠳᠬᠡᠯ ᠤᠨ ᠬᠦᠰᠦᠨᠦᠭ ᠢ ᠲᠠᠭᠯᠠᠭᠤᠯᠤᠨ᠂ ᠲᠡᠳᠡᠨ ᠤ ᠠᠵᠢᠯ ᠡᠷᠢᠬᠦ ᠬᠦᠰᠡᠯ᠂ ᠠᠵᠢᠯ ᠤᠨ ᠥᠩᠭᠡᠷᠡᠯᠲᠡ᠂ ᠤᠷ᠎ᠠ ᠴᠢᠳᠠᠪᠤᠷᠢ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠯᠢᠭ ᠲᠡᠮᠳᠡᠭᠯᠡᠵᠦ᠂ ᠠᠵᠢᠯ ᠤᠨ ᠪᠠᠶᠢᠷᠢ ᠪᠠᠨ ᠣᠨᠣᠪᠴᠢᠲᠠᠢ ᠵᠣᠯᠭᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ᠃      ᠪᠦᠦ ᠹᠧᠩ ᠬᠥᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠠᠵᠢᠯ ᠡᠷᠢᠭᠰᠡᠳ ᠲᠤ ᠲᠤᠰᠬᠠᠢ ᠮᠡᠷᠭᠡᠵᠢᠯ ᠤᠨ ᠠᠵᠢᠯ ᠣᠯᠭᠤᠯᠲᠠ ᠶᠢᠨ ᠵᠢᠯᠣᠭᠤᠳᠤᠯᠭ᠎ᠠ ᠬᠠᠩᠭᠠᠵᠤ᠂ ᠰᠠᠭᠤᠭᠠᠯᠢ ᠠᠷᠠᠳ ᠤᠨ ᠳᠤᠷᠠᠳᠤᠭᠰᠠᠨ ᠠᠮᠤᠷ ᠢ ᠬᠠᠮᠠᠭᠠᠯᠠᠬᠤ ᠦᠨᠡᠮᠯᠡᠯ ᠢ ᠬᠡᠷᠬᠢᠨ ᠭᠦᠢᠴᠡᠳᠬᠡᠬᠦ᠂ ᠠᠯᠢ ᠠᠯᠢ ᠠᠵᠤ ᠠᠬᠤᠶᠢᠯᠠᠯ ᠶᠠᠮᠠᠷ ᠠᠵᠢᠯ ᠤᠨ ᠪᠠᠶᠢᠷᠢ ᠳᠤ ᠠᠵᠢᠯᠴᠢᠨ ᠡᠯᠰᠡᠬᠦ᠂ ᠮᠠᠯᠴᠢᠨ ᠲᠠᠷᠢᠶᠠᠴᠢᠳ ᠬᠤᠨᠢᠴᠢᠨ ᠡᠯᠰᠡᠬᠦ ᠳᠤ ᠶᠠᠮᠠᠷ ᠦᠨ᠎ᠡ ᠲᠠᠢ ᠪᠠᠶᠢᠬᠤ ᠵᠡᠷᠭᠡ ᠠᠰᠠᠭᠤᠯᠲᠠ ᠨᠤᠭᠤᠳ ᠢ ᠬᠦᠯᠢᠴᠡᠩᠭᠦᠢ ᠬᠠᠷᠢᠭᠤᠯᠤᠨ᠂ ᠠᠵᠢᠯ ᠡᠷᠢᠭᠰᠡᠳ ᠤᠨ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠨ ᠥᠭᠴᠦ᠂ ᠲᠡᠳᠡᠨ ᠤ ᠠᠵᠢᠯ ᠣᠯᠬᠤ ᠳᠤᠨᠢ ᠬᠦᠴᠦᠨ ᠨᠡᠮᠡᠷᠢᠯᠡᠪᠡ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠢᠯᠡᠳᠲᠡ ᠦᠷ᠎ᠡ ᠪᠦᠲᠦᠮᠵᠢ ᠣᠯᠵᠦ᠂ ᠠᠵᠢᠯ ᠬᠦᠯᠢᠶᠡᠭᠰᠡᠳ ᠲᠤ ᠮᠠᠰᠢ ᠣᠯᠠᠨ ᠠᠵᠢᠯ ᠣᠯᠬᠤ ᠲᠣᠬᠢᠶᠠᠯ ᠣᠯᠭᠤᠭᠰᠠᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠷᠢᠯᠴᠠᠭ᠎ᠠ ᠶᠢ ᠴᠤ ᠴᠢᠩᠭᠠᠳᠬᠠᠭᠰᠠᠨ ᠪᠠᠶᠢᠨ᠎ᠠ᠃ ᠬᠤᠶᠢᠰᠢᠳᠠ᠂ ᠲᠣᠰᠣᠲᠤ ᠨᠡᠶᠢᠭᠡᠮ ᠲᠣᠭᠤᠷᠢᠭ ᠤᠨ ᠬᠢᠨ ︽ᠵᠢᠵᠢᠭ ᠬᠤᠲᠠ ᠪᠠᠯᠭᠠᠰᠤ ᠲᠣᠮᠣ ᠨᠡᠶᠢᠭᠡᠮ ᠲᠣᠭᠤᠷᠢᠭ ︱ ᠦᠢᠯᠡᠰ ᠪᠦᠲᠦᠭᠡᠬᠦ ᠠᠵᠢᠯ ᠣᠯᠭᠤᠬᠤ · ᠠᠷᠠᠳ ᠢ ᠴᠢᠨᠡᠭᠡᠯᠢᠭᠵᠢᠬᠦᠯᠬᠦ ᠲᠣᠰᠣᠲᠤ︾ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠤᠨ ᠡᠭᠦᠳᠦᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠯᠥᠭᠡᠯᠡᠬᠦ ᠬᠦᠴᠦᠨ ᠪᠠ ᠳᠠᠶᠢᠴᠢᠯᠠᠬᠤ ᠬᠦᠴᠦᠨ ᠢ ᠨᠢ ᠤᠯᠠᠮ ᠨᠢᠭᠡ ᠠᠯᠬᠤᠮ ᠥᠷᠭᠡᠳᠬᠡᠨ᠂ ︽ᠠᠵᠢᠯᠲᠠᠨ ᠡᠯᠰᠡᠬᠦ ᠴᠤᠭᠯᠠᠭᠠᠨ︾ ᠢ ᠪᠠᠶᠢᠩᠭᠤᠵᠢᠭᠤᠯᠤᠭᠰᠠᠨ ᠦᠢᠯᠡᠴᠢᠯᠡᠭᠡᠨ ᠤ ᠲᠥᠷᠥᠯ ᠵᠦᠢᠯ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠣᠯᠭᠤᠬᠤ ᠠᠵᠢᠯᠲᠠᠨ ᠡᠯᠰᠡᠬᠦ ᠠᠵᠢᠯᠯᠠᠭ᠎ᠠ ᠶᠢ ᠥᠷᠨᠢᠭᠦᠯᠦᠨ᠂ ᠠᠵᠢᠯ ᠣᠯᠭᠤᠬᠤ ᠮᠡᠳᠡᠭᠡ ᠵᠠᠩᠭᠢ ᠶᠢᠨ ᠠᠷᠭ᠎ᠠ ᠵᠠᠮ ᠢ ᠦᠷᠭᠦᠯᠵᠢᠯᠡᠨ ᠠᠮᠢᠳᠤᠯᠢᠭ ᠪᠣᠯᠭᠠᠵᠤ᠂ ᠬᠠᠷᠢᠶ᠎ᠠ ᠣᠷᠣᠨ ᠤ ᠠᠵᠢᠯ ᠬᠦᠯᠢᠶᠡᠭᠰᠡᠳ ᠲᠤ ᠨᠠᠩ ᠣᠯᠠᠨ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠠᠵᠢᠯ ᠣᠯᠭᠤᠬᠤ ᠦᠢᠯᠡᠴᠢᠯᠡᠭᠡ ᠬᠠᠩᠭᠠᠨ᠂ ᠠᠵᠢᠯ ᠡᠷᠢᠭᠰᠡᠳ ᠨᠢᠭᠡᠪᠦᠷᠢ ᠶᠢᠨ ᠠᠵᠢᠯ ᠣᠯᠬᠤ ᠬᠦᠰᠡᠯ ᠢᠶᠠᠨ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ