ᠲᠠᠯ᠎ᠠ ᠶᠢᠨ ᠲᠡᠮᠡᠭᠡᠨ ᠬᠥᠬᠦ​
ᠨᠡᠶᠢᠲᠡᠯᠡᠭᠰᠡᠨ ᠴᠠᠭ᠄
2025/3/14
      ᠲᠡᠮᠡᠭᠡᠨ ᠬᠥᠬᠦ ᠶᠢᠨ ᠢᠵᠠᠭᠤᠷ᠂ ᠵᠡᠯᠡᠲᠦ ᠲᠡᠮᠡᠭᠡᠨ ᠬᠥᠬᠦ ᠶᠢᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 6 — 7 ᠳ᠋ᠤᠭᠠᠷ ᠰᠠᠷ᠎ᠠ ᠳᠤ ᠴᠡᠴᠡᠭᠯᠡᠵᠦ᠂ 8 — 9 ᠳ᠋ᠦ᠋ᠭᠡᠷ ᠰᠠᠷ᠎ᠠ ᠳᠤ ᠦᠷᠡᠯᠡᠨ᠎ᠡ᠃      ᠡᠯᠡᠰᠦᠨ ᠳᠤ ᠤᠷᠭᠤᠳᠠᠭ ᠭᠠᠩᠰᠠᠭ ᠤᠷᠭᠤᠮᠠᠯ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃      ᠡᠯᠡᠰᠦ ᠶᠢ ᠲᠣᠭᠲᠠᠪᠤᠷᠢᠵᠢᠭᠤᠯᠬᠤ ᠰᠢᠯᠢᠳᠡᠭ ᠰᠠᠶᠢᠨ ᠤᠷᠭᠤᠮᠠᠯ ᠪᠣᠯᠣᠨ᠎ᠠ᠃ ᠴᠡᠴᠡᠭᠯᠡᠬᠦ ᠬᠤᠭᠤᠴᠠᠭ᠎ᠠ ᠳᠠᠭᠠᠨ ᠪᠠᠯ ᠰᠠᠶᠢᠨ ᠭᠠᠷᠬᠤ ᠶᠤᠮ᠃ ᠡᠰᠢ ᠨᠠᠪᠴᠢ ᠶᠢ  ᠨᠢ ᠨᠠᠮᠤᠷ ᠡᠪᠦᠯ ᠬᠠᠲᠠᠭᠰᠠᠨ ᠤ ᠳᠠᠷᠠᠭ᠎ᠠ ᠬᠤᠨᠢ ᠢᠮᠠᠭ᠎ᠠ᠂ ᠲᠡᠮᠡᠭᠡ᠂ ᠠᠳᠤᠭᠤ᠂ ᠦᠬᠡᠷ ᠢᠳᠡᠬᠦ ᠳᠤᠷᠠᠲᠠᠢ᠃ ᠦᠷ᠎ᠡ ᠠᠴᠠ ᠨᠢ ᠲᠣᠰᠣ ᠰᠢᠬᠠᠵᠤ ᠪᠣᠯᠣᠨ᠎ᠠ᠂ ᠲᠣᠰᠣᠨ ᠤ ᠠᠭᠤᠯᠤᠭᠳᠠᠴᠠ ᠨᠢ 30%᠂ ᠠᠵᠦ ᠦᠢᠯᠡᠳᠪᠦᠷᠢ ᠳᠤ ᠬᠡᠷᠡᠭᠯᠡᠨ᠎ᠡ᠃ ᠲᠤᠰ ᠡᠪᠡᠰᠦ ᠪᠠᠷ ᠨᠣᠭᠤᠭᠠᠨ ᠪᠣᠷᠳᠣᠭᠤᠷ ᠪᠠ ᠬᠤᠷᠣᠬᠠᠢ ᠠᠯᠠᠬᠤ ᠡᠮ ᠬᠢᠵᠦ ᠪᠣᠯᠣᠨ᠎ᠠ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ