ᠭᠤᠸ ᠬᠤᠸᠠᠢ ᠵᠢᠩ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠠᠵᠢᠯ ᠢ ᠠᠬᠢᠭᠤᠯᠤᠭᠰᠠᠨ ᠪᠠᠶᠢᠳᠠᠯ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/3/20
      3 ᠳ᠋ᠤᠭᠠᠷ ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠤᠯᠠᠭᠠᠨᠪᠠᠯᠭᠠᠰᠤ᠂ ᠰᠦᠮᠡᠲᠦ ᠰᠤᠮᠤ ᠳᠤ ᠬᠦᠷᠴᠦ ᠬᠠᠲᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠠᠵᠢᠯ ᠢ ᠠᠬᠢᠭᠤᠯᠤᠭᠰᠠᠨ ᠪᠠᠶᠢᠳᠠᠯ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠭᠤᠤ ᠬᠤᠸᠠᠢ ᠵᠢᠩ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠠᠮᠠᠰᠠᠷ ᠤᠨ ᠬᠠᠯᠬᠠᠪᠴᠢ ᠪᠦᠰᠡ ᠶᠢᠨ ᠬᠤᠶᠢᠲᠤ ᠬᠡᠰᠡᠭ ᠤᠨ ᠡᠯᠡᠰᠦᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠨᠢᠭᠡᠳᠦᠭᠡᠷ ᠬᠤᠭᠤᠴᠠᠭ᠎ᠠ︶ ᠤᠨ ᠵᠠᠰᠠᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠴᠢᠬᠢ ᠮᠣᠳᠣᠨ ᠤ ᠪᠡᠯᠡᠳᠬᠡᠯ᠂ ᠪᠠᠷᠢᠯᠭ᠎ᠠ ᠶᠢᠨ ᠠᠵᠢᠯ ᠤᠨ ᠠᠬᠢᠴᠠ ᠵᠢᠴᠢ ᠵᠠᠰᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦ ᠶᠢ ᠵᠠᠰᠠᠬᠤ ᠵᠠᠭᠪᠤᠷ ᠢ ᠮᠡᠷᠭᠡᠵᠢᠯᠲᠡᠨ ᠲᠠᠢ ᠬᠠᠮᠲᠤ ᠪᠠᠷ ᠰᠤᠳᠤᠯᠤᠨ ᠶᠠᠷᠢᠯᠴᠠᠪᠠ᠃ ᠡᠯᠡᠰᠦ ᠶᠢ ᠵᠠᠰᠠᠬᠤ ᠵᠠᠷᠢᠮ ᠠᠷᠭ᠎ᠠ ᠬᠡᠯᠪᠡᠷᠢ ᠨᠢ ᠰᠢᠨᠵᠢᠯᠡᠬᠦ ᠤᠬᠠᠭᠠᠨᠴᠢ ᠪᠤᠰᠤ᠂ ᠡᠯᠡᠰᠦᠨ ᠬᠠᠯᠬᠠᠪᠴᠢ ᠶᠢ ᠵᠢᠷᠤᠵᠤ ᠲᠥᠯᠥᠪᠯᠡᠭᠰᠡᠨ ᠨᠢ ᠵᠣᠬᠢᠰᠲᠠᠢ ᠪᠤᠰᠤ ᠵᠡᠷᠭᠡ ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ᠂ ᠭᠤᠤ ᠬᠤᠸᠠᠢ ᠵᠢᠩ ᠲᠤᠬᠠᠢ ᠶᠢᠨ ᠲᠠᠯᠠᠪᠤᠷ ᠲᠤᠨᠢ ᠴᠢᠩᠭ᠎ᠠ ᠰᠢᠭᠦᠮᠵᠢᠯᠡᠪᠡ᠃  ᠬᠤᠯᠪᠣᠭᠳᠠᠯ ᠪᠦᠬᠦᠢ ᠨᠢᠭᠡᠴᠢ ᠶᠢᠨ ᠬᠢᠨ ᠲᠡᠷᠡ ᠳᠠᠷᠤᠢ ᠳᠤᠨᠢ ᠥᠭᠡᠷᠡᠴᠢᠯᠡᠯᠲᠡ ᠬᠢᠵᠦ᠂ ᠵᠠᠰᠠᠯᠲᠠ ᠶᠢᠨ ᠠᠷᠭ᠎ᠠ ᠬᠡᠯᠪᠡᠷᠢ ᠶᠢ ᠲᠦᠷᠭᠡᠨ ᠰᠢᠯᠢᠳᠡᠭᠵᠢᠭᠦᠯᠦᠨ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠭᠡᠵᠦ ᠢᠯᠡᠷᠬᠡᠶᠢᠯᠡᠪᠡ᠃ ᠭᠤᠤ ᠬᠤᠸᠠᠢ ᠵᠢᠩ ᠬᠡᠯᠡᠬᠦ ᠳᠡᠭᠡᠨ᠂ ᠤᠲᠤᠭ ᠬᠤᠰᠢᠭᠤ ᠪᠣᠯ ᠮᠤᠤᠠᠤᠰᠤ ᠶᠢᠨ ᠡᠯᠡᠰᠦᠷᠬᠡᠭ ᠭᠠᠵᠠᠷ ᠤᠨ ᠪᠣᠭᠤᠮᠲᠠ ᠰᠢᠪᠲᠤᠯᠬᠤ ᠠᠵᠢᠯ ᠤᠨ ᠭᠤᠣᠯ ᠲᠠᠯᠠᠪᠤᠷ᠂ ᠭᠤᠣᠯ ᠰᠠᠭᠤᠷᠢᠨ ᠪᠣᠯᠣᠨ᠎ᠠ᠂ ᠡᠯᠡᠰᠦ ᠶᠢ ᠰᠡᠷᠭᠡᠶᠢᠯᠡᠵᠦ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠥᠨᠳᠥᠷ ᠵᠣᠭᠰᠣᠴᠠ᠂ ᠨᠡᠩ ᠪᠣᠳᠠᠲᠠᠢ ᠠᠷᠭ᠎ᠠ ᠪᠠᠷ ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠢ ᠮᠣᠳᠣᠨ ᠤ ᠤᠨᠳᠤᠷᠤᠯᠲᠠ ᠶᠢ ᠪᠠᠲᠤᠯᠠᠬᠤ ᠪᠠᠷ ᠬᠠᠷᠠᠯᠲᠠ ᠪᠠᠨ ᠪᠣᠯᠭᠠᠵᠤ᠂ ᠡᠯᠡᠰᠦᠨ ᠤ ᠬᠠᠯᠬᠠᠪᠴᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠦᠢᠯᠡᠳᠦᠯᠭᠡ ᠪᠠᠷ ᠰᠢᠯᠭᠠᠨ ᠪᠠᠲᠤᠯᠠᠭᠤᠯᠤᠭᠰᠠᠨ ᠪᠦᠲᠦᠮᠵᠢᠲᠡᠢ ᠡᠯᠡᠰᠦ ᠵᠠᠰᠠᠬᠤ ᠠᠷᠭ᠎ᠠ ᠪᠠᠷ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠰᠠᠯᠲᠠ ᠶᠢᠨ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠪᠠᠶᠠᠯᠢᠭᠵᠢᠭᠤᠯᠵᠤ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠡᠯᠡᠰᠦ ᠶᠢ ᠵᠠᠰᠠᠬᠤ ᠠᠵᠢᠯ ᠳᠤ ᠣᠷᠣᠯᠴᠠᠭᠤᠯᠤᠨ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ᠂ ᠡᠯᠡᠰᠦ ᠶᠢ ᠶᠡᠷᠦᠩᠬᠡᠶᠢᠯᠡᠨ ᠵᠠᠰᠠᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠂ ᠠᠮᠢ ᠠᠬᠤᠢ ᠶᠢ ᠰᠠᠶᠢᠵᠢᠷᠠᠭᠤᠯᠬᠤ᠂ ᠠᠵᠤ ᠦᠢᠯᠡᠰ ᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠭᠤᠤ ᠬᠤᠸᠠᠢ ᠵᠢᠩ ᠤᠷᠢᠳ ᠬᠤᠵᠢᠳ ᠰᠦᠮᠡᠲᠦ ᠰᠤᠮᠤᠨ ᠤ ᠢᠷᠦᠭᠡᠯ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ᠂ ᠰᠦᠮᠡᠲᠦ ᠶᠢᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠤᠯᠪᠣᠭᠠᠲᠤ ᠴᠣᠭᠴᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠩ ᠷᠦᠢ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠬᠦᠷᠴᠦ᠂ ᠲᠠᠷᠢᠶᠠᠯᠠᠩ ᠤᠨ ᠮᠠᠰᠢᠨ ᠤ ᠪᠡᠯᠡᠳᠬᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯ᠂ ᠲᠠᠷᠢᠶᠠᠯᠠᠩ ᠤᠨ ᠬᠤᠯᠪᠣᠭᠠᠯᠠᠯ ᠲᠠᠷᠢᠶᠠᠯᠠᠩ ᠤᠨ ᠳᠠᠶᠢᠴᠢᠯᠠᠯ᠂ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠸ ᠬᠤᠸᠠᠢ ᠵᠢᠩ ᠬᠡᠯᠡᠬᠦ ᠳᠡᠭᠡᠨ᠂ ᠬᠠᠪᠤᠷ ᠤᠨ ᠲᠠᠷᠢᠶᠠᠯᠠᠭ᠎ᠠ ᠪᠣᠯ ᠪᠥᠬᠦ ᠵᠢᠯ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠨ᠃ ᠲᠠᠷᠢᠶᠠᠯᠠᠩ ᠤᠨ ᠴᠠᠭ ᠢ ᠵᠠᠪᠳᠤᠨ᠂ ᠲᠠᠷᠢᠶᠠᠯᠠᠩ ᠤᠨ ᠠᠵᠢᠯ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠵᠢᠴᠢ ᠡᠯ᠎ᠡ ᠲᠥᠷᠥᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠡᠳᠬᠦᠨ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢ ᠵᠣᠷᠢᠭᠵᠢᠭᠤᠯᠵᠤ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠳ ᠲᠤ ᠪᠥᠬᠦ ᠲᠠᠯ᠎ᠠ ᠶᠢᠨ᠂ ᠨᠢᠭᠡ ᠥᠷᠲᠡᠭᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠪᠣᠷᠣᠯᠠᠭᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠥᠨᠳᠥᠷ ᠬᠢᠷᠢ ᠲᠦᠪᠰᠢᠨ ᠪᠦᠬᠦᠢ ᠠᠮᠢ ᠠᠬᠤᠢ ᠶᠢᠨ ᠬᠠᠮᠠᠭᠠᠯᠠᠯᠲᠠ ᠪᠠᠷ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃  
ᠢᠷᠡᠯᠲᠡ᠄ ᠣᠲᠤᠭ​ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ