︽ᠲᠠᠷᠢᠶᠠᠨ ᠭᠠᠵᠠᠷ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ | ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠤᠲᠤᠭ ᠵᠠᠰᠠᠭ ᠲᠠᠷᠬᠠᠭᠠᠭᠰᠠᠨ ﹇2024﹈ 218 ᠳ᠋ᠤᠭᠠᠷ ᠲᠣᠭᠠᠲᠤ | | | ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠤᠯᠠᠭᠠᠨᠪᠠᠯᠭᠠᠰᠤ᠂ ᠠᠷᠪᠠᠰ | ᠰᠤᠮᠤ ᠪᠠᠷ ᠲᠤᠷᠰᠢᠯᠲᠠ ᠶᠢᠨ ᠴᠡᠭ ᠪᠣᠯᠭᠠᠵᠤ᠂ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ | ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠬᠦ ᠪᠠᠷ ︽ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ | ᠰᠠᠶᠢᠲᠤᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠤᠨ ᠮᠠᠲ᠋ᠧᠷᠢᠶᠠᠯ ᠢ ᠱᠠᠭᠠᠷᠳᠠᠯᠭ᠎ᠠ ᠶᠣᠰᠣᠭᠠᠷ ᠮᠡᠳᠡᠭᠦᠯᠦᠨ᠂ ᠲᠤᠷᠰᠢᠯᠲᠠ ᠶᠢᠨ ᠴᠡᠭ ᠤᠨ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠭᠠᠷᠠᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 11 ᠳ᠋ᠦ᠋ᠭᠡᠷ ᠰᠠᠷ᠎ᠠ ᠶᠢᠨ 24 ᠤ ᠡᠳᠦᠷ | | | | ᠲᠠᠷᠢᠶᠠᠨ ᠭᠠᠵᠠᠷ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ ᠰᠢᠢᠳᠪᠦᠷᠢᠯᠡᠬᠦ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠥᠰᠥᠯ | | ︽ᠨᠠᠮ ᠤᠨ ᠠᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠪᠠ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠲᠠᠷᠢᠶᠠᠨ ᠭᠠᠵᠠᠷ᠂ | ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠠᠭᠠᠨᠪᠠᠯᠭᠠᠰᠤ᠂ ᠠᠷᠪᠠᠰ | ᠰᠤᠮᠤ ᠪᠠᠷ ᠲᠤᠷᠰᠢᠯᠲᠠ ᠶᠢᠨ ᠴᠡᠭ ᠪᠣᠯᠭᠠᠵᠤ᠂ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ | ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠨ᠎ᠡ᠃ | ᠨᠢᠭᠡ᠂ ᠠᠵᠢᠯ ᠤᠨ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠨᠢᠭᠲᠠ ᠲᠣᠭᠤᠷᠢᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠦᠨᠳᠦᠰᠦᠨ ᠱᠠᠲᠤᠨ ᠳᠤ ᠡᠭᠦᠳᠦᠨ ᠪᠦᠲᠦᠭᠡᠯᠲᠡ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠯᠠᠭᠠᠨᠪᠠᠯᠭᠠᠰᠤ ᠪᠠ ᠠᠷᠪᠠᠰ | ᠰᠤᠮᠤ ᠶᠢᠨ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠪᠠ | ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠭᠠᠵᠠᠷ ᠰᠢᠷᠣᠢ ᠶᠢᠨ ᠥᠮᠴᠢᠯᠡᠯ ᠤᠨ ᠡᠷᠬᠡᠲᠦ ᠬᠥᠮᠥᠨ᠂ ᠬᠡᠷᠡᠭᠯᠡᠬᠦ ᠡᠷᠬᠡᠲᠦ ᠬᠥᠮᠥᠨ ᠪᠠ ᠡᠵᠡᠩᠨᠡᠯᠲᠡ ᠶᠢᠨ ᠡᠷᠬᠡ ᠶᠢᠨ | ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠪᠥᠬᠦ ᠬᠤᠰᠢᠭᠤᠨ ᠤ ᠬᠡᠪᠴᠢᠶᠡᠨ ᠳᠠᠬᠢ ᠲᠠᠷᠢᠶᠠᠨ ᠭᠠᠵᠠᠷ᠂ ᠣᠶᠢᠲᠤ ᠭᠠᠵᠠᠷ᠂ | ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ ᠰᠢᠢᠳᠪᠦᠷᠢᠯᠡᠬᠦ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠠ | ᠵᠠᠭᠪᠤᠷ ᠢ ᠬᠠᠩᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠦᠷᠭᠦᠯᠵᠢᠯᠡᠨ ᠬᠥᠭᠵᠢᠭᠦᠯᠬᠦ ᠶᠢ ᠠᠬᠢᠭᠤᠯᠤᠨ᠎ᠠ᠃ | ᠬᠤᠶᠠᠷ᠂ ᠲᠤᠷᠰᠢᠯᠲᠠ ᠶᠢᠨ ᠴᠡᠭ ᠤᠨ ᠣᠷᠣᠨ ᠪᠦᠰᠡ | ᠣᠶᠢᠷ᠎ᠠ ᠶᠢᠨ ᠵᠢᠯ ᠤᠳ ᠲᠠᠬᠢ ᠡᠯ᠎ᠡ ᠰᠤᠮᠤ ᠪᠠᠯᠭᠠᠰᠤ ᠶᠢᠨ ᠬᠠᠷᠢᠭᠤ ᠲᠤᠰᠬᠠᠭᠰᠠᠨ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ | ᠬᠠᠷᠢᠶᠠᠯᠠᠯ ᠰᠣᠯᠪᠢᠴᠠᠭᠰᠠᠨ ᠠᠰᠠᠭᠤᠳᠠᠯ ᠲᠠᠢ ᠤᠶᠠᠯᠳᠤᠭᠤᠯᠵᠤ᠂ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠣᠯᠠᠨ᠂ ᠠᠵᠢᠯ ᠤᠨ ᠢᠳᠡᠪᠬᠢᠵᠢᠯ ᠥᠨᠳᠥᠷ᠂ | ᠥᠭᠡᠷᠡᠴᠢᠯᠡᠯᠲᠡ ᠬᠢᠬᠦ ᠶᠢ ᠳᠡᠮᠵᠢᠬᠦ ᠬᠡᠷᠡᠭᠴᠡᠭᠡ ᠱᠠᠭᠠᠷᠳᠠᠯᠭ᠎ᠠ ᠲᠠᠢ ᠤᠯᠠᠭᠠᠨᠪᠠᠯᠭᠠᠰᠤ ᠪᠠ ᠠᠷᠪᠠᠰ ᠰᠤᠮᠤ ᠶᠢ ᠰᠣᠩᠭᠤᠵᠤ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠦᠨ᠎ᠡ᠃ | ᠭᠤᠷᠪᠠ᠂ ᠲᠤᠷᠰᠢᠯᠲᠠ ᠶᠢᠨ ᠴᠡᠭ ᠤᠨ ᠡᠭᠦᠷᠭᠡ | ︵ᠨᠢᠭᠡ︶ ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ ᠲᠥᠪᠯᠡᠷᠡᠭᠦᠯᠦᠨ ᠵᠢᠷᠤᠮᠵᠢᠭᠤᠯᠤᠨ | ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠨ᠎ᠡ᠃ ᠤᠯᠠᠭᠠᠨᠪᠠᠯᠭᠠᠰᠤ᠂ ᠠᠷᠪᠠᠰ ᠰᠤᠮᠤ ᠨᠢ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ | ᠨᠢᠭᠡᠴᠢ ︵ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠪᠤᠶᠤ ᠤᠯᠤᠰ ᠠᠴᠠ ᠡᠵᠡᠩᠨᠡᠭᠰᠡᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ︶ ᠪᠠᠷ ᠦᠨᠳᠦᠰᠦᠨ | ᠨᠢᠭᠡᠴᠢ ᠪᠣᠯᠭᠠᠵᠤ᠂ ᠬᠠᠮᠲᠤ ᠶᠢᠨ ᠣᠶᠢᠲᠤ ᠭᠠᠵᠠᠷ ᠤᠨ ᠳᠠᠭᠠᠭᠠᠴᠢᠯᠠᠯᠲᠠ ᠶᠢᠨ ᠲᠤᠷᠰᠢᠯᠲᠠ ᠶᠢᠨ ᠴᠡᠭ᠂ ᠪᠡᠯᠴᠢᠭᠡᠷ ᠤᠨ ᠬᠠᠮᠢᠶᠠᠷᠤᠯᠲᠠ ᠶᠢᠨ ᠵᠠᠭᠠᠭ ᠬᠢᠵᠠᠭᠠᠷ ᠢ | ᠨᠤᠲᠠᠯᠠᠨ ᠲᠣᠭᠲᠠᠭᠠᠬᠤ ᠵᠡᠷᠭᠡ ᠠᠵᠢᠯ ᠲᠠᠢ ᠤᠶᠠᠯᠳᠤᠭᠤᠯᠤᠨ᠂ ᠤᠯᠠᠭᠠᠨᠪᠠᠯᠭᠠᠰᠤ᠂ ᠠᠷᠪᠠᠰ ᠰᠤᠮᠤᠨ ᠤ ᠠᠷᠠᠳ ᠤᠨ ᠵᠠᠰᠠᠭ ᠤᠨ ᠣᠷᠳᠣᠨ ᠲᠦᠷᠦᠭᠦᠯᠡᠵᠦ᠂ | ᠪᠠᠶᠢᠭᠠᠯᠢ ᠶᠢᠨ ᠡᠬᠢ ᠪᠠᠶᠠᠯᠢᠭ ᠪᠣᠯᠣᠨ ᠣᠶ ᠰᠢᠭᠤᠢ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠵᠡᠷᠭᠡ ᠪᠠᠶᠢᠭᠤᠯᠭ᠎ᠠ ᠪᠠ ᠭᠠᠴᠠᠭ᠎ᠠ ᠲᠣᠰᠬᠤᠨ ᠬᠠᠮᠲᠤ ᠪᠠᠷ | ᠤᠷᠤᠯᠴᠠᠨ᠂ ᠤᠯᠠᠭᠠᠨᠪᠠᠯᠭᠠᠰᠤ᠂ ᠠᠷᠪᠠᠰ ᠰᠤᠮᠤ ᠶᠢᠨ ᠬᠠᠷᠢᠶ᠎ᠠ ᠣᠷᠣᠨ ᠪᠤᠶᠤ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠬᠦᠷᠢᠶ᠎ᠡ | ᠬᠡᠪᠴᠢᠶ᠎ᠡ ︵ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠪᠤᠶᠤ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ︶ ᠳᠣᠲᠣᠷᠠᠬᠢ ᠲᠠᠷᠢᠶᠠᠨ ᠭᠠᠵᠠᠷ᠂ | ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠠᠰᠠᠭᠤᠳᠠᠯ ᠢ ᠰᠢᠢᠳᠪᠦᠷᠢᠯᠡᠵᠦ᠂ ᠰᠢᠢᠳᠪᠦᠷᠢᠯᠡᠬᠦ ᠠᠷᠭ᠎ᠠ ᠵᠠᠮ ᠤᠨ ᠲᠣᠬᠢᠷᠠᠬᠤ ᠪᠠᠶᠢᠳᠠᠯ᠂ | ᠡᠭᠦᠷᠭᠡ ᠶᠢᠨ ᠬᠤᠪᠢᠶᠠᠷᠢᠯᠠᠯ ᠪᠠ ᠠᠵᠢᠯ ᠤᠨ ᠶᠠᠪᠤᠴᠠ ᠶᠢ ᠬᠤᠷᠢᠶᠠᠩᠭᠤᠶᠢᠯᠠᠨ᠂ ᠠᠵᠢᠯ ᠢᠶᠠᠨ ᠪᠦᠲᠦᠮᠵᠢᠲᠡᠶ ᠨᠢᠭᠡᠳᠦᠯᠲᠡᠢ ᠲᠥᠯᠥᠪᠯᠡᠭᠰᠡᠨ᠂ ᠬᠦᠴᠦ ᠪᠠᠨ | ᠬᠠᠮᠲᠤᠳᠬᠠᠨ ᠪᠤᠭᠤᠮᠲᠠ ᠶᠢ ᠰᠢᠪᠲᠤᠯᠤᠭᠰᠠᠨ᠂ ᠢᠯᠭᠠᠷᠠᠭᠤᠯᠤᠨ ᠵᠢᠷᠤᠮᠵᠢᠭᠤᠯᠬᠤ ᠠᠵᠢᠯ ᠢ ᠢᠳᠡᠪᠬᠢᠲᠡᠢ ᠯᠠᠪᠳᠠᠭᠤᠨ ᠠᠬᠢᠭᠤᠯᠤᠭᠰᠠᠨ ᠠᠮᠵᠢᠯᠲᠠᠲᠠᠢ ᠵᠢᠱᠢᠶ᠎ᠡ ᠶᠢ ᠪᠣᠶ | ᠪᠣᠯᠭᠠᠨ᠎ᠠ᠃ | ︵ᠬᠤᠶᠠᠷ︶ ᠳᠣᠲᠣᠭᠠᠳᠤ ᠠᠵᠢᠯ ᠢᠶᠠᠷ ᠭᠤᠣᠯ ᠪᠣᠯᠭᠠᠵᠤ᠂ ᠬᠡᠭᠡᠷ᠎ᠡ ᠭᠠᠳᠠᠨᠠᠬᠢ ᠶᠢᠨ ᠠᠵᠢᠯ ᠢᠶᠠᠷ ᠬᠠᠪᠰᠤᠷᠤᠮᠵᠢ ᠪᠣᠯᠭᠠᠭᠰᠠᠨ ᠭᠠᠵᠠᠷ ᠰᠢᠷᠣᠢ ᠶᠢᠨ | ᠬᠠᠷᠢᠶ᠎ᠠ ᠶᠢᠨ ᠪᠠᠶᠢᠴᠠᠭᠠᠯᠲᠠ ᠶᠢᠨ ᠠᠷᠭ᠎ᠠ ᠶᠢᠨ ᠲᠣᠬᠢᠷᠠᠬᠤ ᠬᠦᠷᠢᠶ᠎ᠡ ᠬᠡᠪᠴᠢᠶ᠎ᠡ ᠶᠢ ᠰᠦᠪᠡᠭᠴᠢᠯᠡᠨ᠎ᠡ᠃ ᠰᠤᠮᠤ ᠪᠠᠯᠭᠠᠰᠤ᠂ ᠭᠠᠴᠠᠭ᠎ᠠ ᠲᠣᠰᠬᠤᠨ ᠤ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠳᠠᠭᠠᠭᠠᠴᠢᠯᠠᠯᠲᠠ ᠶᠢᠨ ᠭᠡᠷ᠎ᠡ ᠲᠣᠭᠲᠠᠬᠤ ᠠᠴᠠ ᠡᠮᠦᠨ᠎ᠡ ᠣᠶᠢᠲᠤ ᠭᠠᠵᠠᠷ᠂ ᠪᠡᠯᠴᠢᠭᠡᠷ ᠪᠠ ᠲᠠᠷᠢᠶᠠᠨ ᠭᠠᠵᠠᠷ | ᠳᠠᠭᠠᠭᠠᠴᠢᠯᠠᠨ ᠡᠵᠡᠩᠨᠡᠬᠦ ᠡᠷᠬᠡ ᠶᠢᠨ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠶᠢ ᠥᠷᠨᠢᠭᠦᠯᠬᠦ ᠠᠵᠢᠯ ᠢ ᠵᠣᠬᠢᠶᠠᠨ ᠪᠠᠶᠢᠭᠤᠯᠬᠤ ᠠᠷᠭ᠎ᠠ ᠵᠠᠮ ᠢ | ᠰᠦᠪᠡᠭᠴᠢᠯᠡᠨ᠎ᠡ᠃ ᠤᠤᠯ ᠤᠨ ᠳᠠᠩᠰᠠᠯᠠᠭᠰᠠᠨ ᠦᠷ᠎ᠡ ᠪᠦᠲᠦᠭᠡᠯ ᠤᠨ ᠴᠢᠬᠤᠯᠠ ᠨᠥᠬᠦᠴᠡᠯ ᠨᠢ ᠳᠤᠲᠠᠭᠤ᠂ ᠵᠠᠭᠠᠭ ᠨᠢ ᠲᠣᠳᠣᠷᠬᠠᠢ ᠦᠭᠡᠢ᠂ ᠬᠠᠮᠢᠶ᠎ᠠ ᠪᠦᠬᠦᠢ | ᠡᠷᠬᠡ ᠨᠢ ᠳᠠᠪᠬᠤᠴᠠᠭᠰᠠᠨ ᠵᠡᠷᠭᠡ ᠠᠴᠠ ᠪᠣᠯᠵᠤ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ ᠬᠢᠬᠦ ᠴᠢᠬᠤᠯᠠ ᠲᠠᠢ ᠪᠠᠶᠢᠪᠠᠯ᠂ ᠨᠢᠭᠡᠨᠲᠡ ᠪᠠᠶᠢᠭ᠎ᠠ ᠡᠷᠬᠡ ᠶᠢᠨ | ᠬᠠᠷᠢᠶ᠎ᠠ ᠶᠢᠨ ᠮᠠᠲ᠋ᠧᠷᠢᠶᠠᠯ᠂ ᠣᠨᠴᠠ ᠲᠣᠳᠣ ᠵᠢᠷᠤᠭ ᠳᠦᠷᠰᠦ᠂ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠲᠤᠭ᠎ᠠ ᠪᠠᠷᠢᠮᠲᠠ᠂ ᠤᠯᠤᠰ ᠤᠨ ᠭᠠᠵᠠᠷ ᠰᠢᠷᠣᠢ ᠶᠢᠨ | ᠪᠠᠶᠢᠴᠠᠭᠠᠯᠲᠠ ᠶᠢᠨ ᠡᠭᠦᠯᠡᠨ ᠳᠠᠪᠴᠠᠩ ᠵᠡᠷᠭᠡ ᠮᠡᠷᠭᠡᠵᠢᠯ ᠢ ᠠᠯᠢ ᠴᠢᠳᠠᠬᠤ ᠪᠠᠷ ᠭᠦᠢᠴᠡᠳ ᠠᠰᠢᠭᠯᠠᠨ᠂ ᠳᠥᠭᠦᠮ ᠬᠢᠯᠪᠠᠷ ᠶᠠᠪᠤᠭᠳᠠᠬᠤ ᠭᠠᠵᠠᠷ ᠰᠢᠷᠣᠢ ᠶᠢᠨ | ᠬᠠᠷᠢᠶ᠎ᠠ ᠶᠢᠨ ᠪᠠᠶᠢᠴᠠᠭᠠᠯᠲᠠ ᠪᠠ ᠭᠡᠷ ᠳᠣᠲᠣᠷᠠᠬᠢ ᠵᠠᠭᠠᠭ ᠵᠢᠭᠠᠬᠤ ᠠᠷᠭ᠎ᠠ ᠶᠢ ᠰᠦᠪᠡᠭᠴᠢᠯᠡᠵᠦ ᠰᠢᠨ᠎ᠡ ᠶᠢ ᠡᠭᠦᠳᠦᠨ᠎ᠡ᠃ | ︵ᠭᠤᠷᠪᠠ︶ ᠳᠠᠭᠠᠭᠠᠴᠢᠯᠠᠨ ᠡᠵᠡᠩᠨᠡᠬᠦ ᠭᠡᠷ᠎ᠡ ᠶᠢᠨ ᠬᠠᠮᠢᠶᠠᠷᠤᠯᠲᠠ ᠪᠣᠯᠣᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠠᠵᠢᠯ ᠢ ᠪᠦᠲᠦᠮᠵᠢᠲᠡᠶ | ᠵᠣᠯᠭᠠᠭᠤᠯᠬᠤ ᠲᠣᠭᠲᠠᠴᠠ ᠶᠢ ᠰᠦᠪᠡᠭᠴᠢᠯᠡᠨ᠎ᠡ᠃ ᠤᠤᠯ ᠤᠨ ᠳᠡᠩᠰᠡᠯᠡᠨ ᠲᠡᠮᠳᠡᠭᠯᠡᠭᠦᠯᠦᠭᠰᠡᠨ ᠦᠨᠡᠮᠯᠡᠯ ᠢ ︽ᠬᠤᠪᠢᠷᠠᠭᠤᠯᠬᠤ ᠦᠭᠡᠢ ᠰᠣᠯᠢᠬᠤ ᠦᠭᠡᠢ᠂ | ᠦᠷᠭᠦᠯᠵᠢᠯᠡᠨ ᠬᠦᠴᠦᠨ ᠲᠠᠢ ᠪᠠᠶᠢᠯᠭᠠᠬᠤ︾ ᠲᠥᠷᠥ ᠶᠢᠨ ᠪᠣᠳᠣᠯᠭ᠎ᠠ ᠶᠢᠨ ᠤᠷᠢᠲᠠᠯ ᠳᠣᠣᠷ᠎ᠠ᠂ ᠤᠤᠯ ᠤᠨ ᠳᠡᠩᠰᠡᠯᠡᠨ ᠲᠡᠮᠳᠡᠭᠯᠡᠭᠦᠯᠦᠭᠰᠡᠨ ᠲᠠᠩᠰᠠ ᠡᠪᠬᠡᠮᠡᠯ ᠤᠨ | ᠡᠷᠬᠡ ᠶᠢᠨ ᠢᠷᠡᠯᠲᠡ ᠶᠢᠨ ᠮᠠᠲ᠋ᠧᠷᠢᠶᠠᠯ ᠳᠤᠲᠠᠭᠤ᠂ ᠤᠤᠯ ᠤᠨ ᠳᠡᠩᠰᠡᠯᠡᠨ ᠲᠡᠮᠳᠡᠭᠯᠡᠭᠦᠯᠦᠭᠰᠡᠨ ᠲᠥᠷᠥᠯ ᠬᠡᠯᠪᠡᠷᠢ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ | ᠴᠠᠭᠠᠵᠠ ᠶᠢᠨ ᠲᠣᠭᠲᠠᠭᠠᠯ ᠲᠠᠢ ᠨᠢᠭᠡᠳᠦᠯ ᠦᠭᠡᠢ᠂ ᠡᠷᠬᠡ ᠶᠢᠨ ᠬᠠᠷᠢᠶᠠᠯᠠᠯ ᠰᠣᠯᠪᠢᠴᠠᠨ ᠳᠠᠪᠬᠤᠴᠠᠭᠰᠠᠨ᠂ ᠵᠠᠭᠠᠭ ᠨᠢ ᠲᠣᠳᠣᠷᠬᠠᠢ ᠦᠭᠡᠢ ᠵᠡᠷᠭᠡ ᠲᠡᠦᠬᠡ ᠶᠢᠨ | ᠦᠯᠡᠳᠡᠭᠳᠡᠯ ᠠᠰᠠᠭᠤᠳᠠᠯ ᠢ ᠲᠥᠷᠥᠯ ᠬᠤᠪᠢᠶᠠᠨ ᠡᠮᠬᠢᠯᠡᠵᠦ᠂ ᠳᠤᠲᠠᠭᠳᠠᠭᠰᠠᠨ ᠢ ᠡᠮᠬᠢᠯᠡᠨ ᠨᠡᠶᠢᠯᠡᠭᠦᠯᠵᠦ ᠪᠦᠲᠦᠭᠡᠨ ᠪᠠᠶᠢᠭᠤᠯᠬᠤ ᠠᠷᠭ᠎ᠠ ᠵᠠᠮ ᠵᠢᠴᠢ ᠲᠡᠭᠦᠨ ᠢ | ᠦᠷᠭᠦᠯᠵᠢᠯᠡᠨ ᠳᠡᠩᠰᠡᠯᠡᠨ ᠲᠡᠮᠳᠡᠭᠯᠡᠬᠦ ᠯᠦᠭᠡ ᠵᠣᠯᠭᠠᠭᠤᠯᠬᠤ ᠲᠣᠭᠲᠠᠴᠠ ᠶᠢ ᠰᠦᠪᠡᠭᠴᠢᠯᠡᠨ᠎ᠡ᠃ ᠳᠠᠭᠠᠭᠠᠴᠢᠯᠠᠨ ᠡᠵᠡᠩᠨᠡᠵᠦ ᠬᠠᠮᠢᠶᠠᠷᠬᠤ ᠪᠠ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠢ ᠵᠣᠬᠢᠴᠠᠭᠤᠯᠤᠨ ᠵᠣᠯᠭᠠᠭᠤᠯᠬᠤ ᠲᠣᠭᠲᠠᠴᠠ ᠵᠢᠴᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠳ᠋ᠠᠶᠢᠲ᠋ᠠ ᠶᠢᠨ ᠬᠥᠮᠥᠷᠭᠡ ᠶᠢᠨ | ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ ᠪᠠ ᠲᠠᠷᠢᠶᠠᠯᠠᠩ ᠮᠠᠯ ᠠᠵᠤ ᠠᠬᠤᠢ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠮᠡᠳᠡᠭᠡ ᠵᠠᠩᠭᠢ ᠶᠢ | ᠬᠠᠮᠲᠤᠪᠠᠷ ᠠᠰᠢᠭᠯᠠᠬᠤ ᠲᠣᠭᠲᠠᠴᠠ ᠶᠢ ᠰᠦᠪᠡᠭᠴᠢᠯᠡᠨ᠎ᠡ᠃ | ᠳᠥᠷᠪᠡ᠂ ᠲᠤᠷᠰᠢᠯᠲᠠ ᠶᠢᠨ ᠴᠡᠭ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠱᠠᠲᠤᠨ ᠳᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ | ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠤᠰᠤᠨ | ᠠᠰᠢᠭᠯᠠᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠤᠯᠠᠭᠠᠨᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠮᠧᠩ ᠰᠢ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠦᠮᠡᠬᠡᠶᠢᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠠᠷᠪᠠᠰ ᠰᠤᠮᠤᠨ ᠤ ᠠᠷᠠᠳ ᠤᠨ ᠵᠠᠰᠠᠭ ᠤᠨ ᠣᠷᠳᠣᠨ᠂ ᠰᠦᠮᠡᠲᠦ | ᠰᠤᠮᠤᠨ ᠤ ᠠᠷᠠᠳ ᠤᠨ ᠵᠠᠰᠠᠭ ᠤᠨ ᠣᠷᠳᠣᠨ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠲᠤᠷᠰᠢᠯᠲᠠ ᠶᠢᠨ | ᠴᠡᠭ ᠤᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ | ᠠᠬᠢᠭᠤᠯᠬᠤ ᠶᠢ ᠬᠠᠷᠢᠭᠤᠴᠠᠭᠤᠯᠤᠨ᠂ ᠡᠯ᠎ᠡ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠮᠵᠢᠯᠴᠠᠭ᠎ᠠ ᠪᠠᠨ | ᠴᠢᠩᠭᠠᠳᠬᠠᠨ᠂ ᠠᠵᠢᠯ ᠤᠨ ᠬᠠᠮ ᠬᠦᠴᠦᠨ ᠢ ᠪᠦᠷᠢᠯᠳᠦᠭᠦᠯᠦᠨ᠎ᠡ᠃ | ︵ᠬᠤᠶᠠᠷ︶ ᠭᠤᠣᠯᠳᠠᠯᠭ᠎ᠠ ᠶᠢ ᠳᠤᠪᠤᠶᠢᠯᠭᠠᠵᠤ᠂ ᠪᠣᠳᠠᠲᠤ ᠦᠷ᠎ᠡ ᠪᠦᠲᠦᠮᠵᠢ ᠣᠯᠬᠤ ᠶᠢ ᠴᠢᠬᠤᠯᠠᠴᠢᠯᠠᠨ᠎ᠠ᠃ ᠡᠯ᠎ᠡ ᠰᠤᠮᠤ ᠪᠠᠯᠭᠠᠰᠤ ᠲᠤᠷᠰᠢᠯᠲᠠ ᠶᠢᠨ | ᠴᠡᠭ ᠤᠨ ᠡᠭᠦᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠠ ᠪᠥᠬᠦ ᠲᠠᠯ᠎ᠠ ᠪᠠᠷ ᠬᠠᠶᠢᠨ ᠰᠦᠪᠡᠭᠴᠢᠯᠡᠬᠦ ᠶᠢ ᠬᠠᠷᠢᠯᠴᠠᠨ ᠤᠶᠠᠯᠳᠤᠭᠤᠯᠵᠤ᠂ | ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ ᠰᠣᠯᠪᠢᠴᠠᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠭᠠᠭᠰᠠᠨ ᠤᠷᠢᠲᠠᠯ ᠳᠣᠣᠷ᠎ᠠ᠂ | ᠬᠦᠴᠦᠨ ᠢᠶᠠᠨ ᠲᠥᠪᠯᠡᠷᠡᠭᠦᠯᠦᠨ ᠲᠣᠰ ᠭᠠᠵᠠᠷ ᠤᠨ ᠡᠷᠬᠡ ᠶᠢᠨ ᠬᠠᠷᠢᠶᠠᠯᠠᠯ ᠤᠨ ᠰᠣᠯᠪᠢᠴᠠᠭᠰᠠᠨ ᠬᠡᠮᠵᠢᠶ᠎ᠡ ᠪᠠᠷ ᠶᠡᠭᠡ᠂ ᠬᠡᠪᠴᠢᠶ᠎ᠡ ᠪᠠᠷ ᠥᠷᠭᠡᠨ᠂ ᠵᠥᠷᠢᠴᠡᠯ | ᠲᠥᠪᠯᠡᠷᠡᠭᠰᠡᠨ ᠠᠰᠠᠭᠤᠳᠠᠯ ᠳᠤ ᠰᠢᠪᠲᠤᠯᠤᠯᠲᠠ ᠬᠢᠵᠤ᠂ ᠪᠣᠶ ᠪᠣᠯᠭᠠᠭᠰᠠᠨ ᠵᠢᠴᠢ ᠰᠢᠢᠳᠪᠦᠷᠢᠯᠡᠬᠦ ᠠᠷᠭ᠎ᠠ ᠵᠠᠮ ᠤᠨ ᠲᠣᠬᠢᠷᠠᠬᠤ ᠪᠠᠶᠢᠳᠠᠯ᠂ ᠡᠭᠦᠷᠭᠡ ᠶᠢᠨ | ᠬᠤᠪᠢᠶᠠᠷᠢᠯᠠᠯ ᠪᠠ ᠠᠵᠢᠯ ᠤᠨ ᠶᠠᠪᠤᠴᠠ ᠶᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ᠬᠢᠨ ᠪᠠᠰᠠ ᠪᠦᠬᠦ ᠲᠠᠯ᠎ᠠ ᠪᠠᠷ | ᠬᠠᠶᠢᠨ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠣᠯᠣᠨ ᠠᠷᠭ᠎ᠠ ᠪᠠᠷᠢᠯ ᠢ ᠪᠤᠢ | ᠪᠣᠯᠭᠠᠨ᠎ᠠ᠃ | ︵ᠭᠤᠷᠪᠠ︶ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠎ᠠ᠃ ᠲᠤᠷᠰᠢᠯᠲᠠ ᠶᠢᠨ ᠴᠡᠭ ᠤᠨ ᠠᠵᠢᠯ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠪᠠ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ | ᠰᠢᠢᠳᠪᠦᠷᠢᠯᠡᠨ᠎ᠡ᠃ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ ᠰᠢᠢᠳᠪᠦᠷᠢᠯᠡᠬᠦ ᠶᠠᠪᠤᠴᠠ ᠳᠤ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠲᠣᠬᠢᠲᠠᠢ ᠰᠢᠢᠳᠪᠦᠷᠢᠯᠡᠨ᠎ᠡ᠃ ᠲᠤᠷᠰᠢᠯᠲᠠ ᠬᠢᠬᠦ ᠶᠠᠪᠤᠴᠠ ᠳᠤ ᠭᠠᠷᠤᠭᠰᠠᠨ ᠰᠢᠨ᠎ᠡ | ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠳᠡᠭᠡᠳᠦ ᠱᠠᠲᠤᠨ ᠤ ᠪᠠᠶᠢᠭᠤᠯᠭ᠎ᠠ ᠳᠤ ᠮᠡᠳᠡᠭᠦᠯᠦᠨ᠎ᠡ᠃ | ᠲᠠᠪᠤ᠂ ᠴᠠᠭ ᠤᠨ ᠲᠣᠬᠢᠷᠠᠭᠤᠯᠤᠯᠲᠠ | ᠲᠤᠷᠰᠢᠯᠲᠠ ᠶᠢᠨ ᠴᠡᠭ ᠤᠨ ᠠᠵᠢᠯ ᠢ 2024 ᠣᠨ ᠤ 11 ᠳ᠋ᠦ᠋ᠭᠡᠷ ᠰᠠᠷ᠎ᠠ ᠠᠴᠠ ᠡᠬᠢᠯᠡᠭᠦᠯᠵᠦ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ | ᠳᠠᠭᠤᠰᠬᠠᠨ᠂ ᠭᠤᠷᠪᠠᠨ ᠱᠠᠲᠤ ᠬᠤᠪᠢᠶᠠᠵᠤ ᠶᠠᠪᠤᠭᠳᠠᠭᠤᠯᠤᠨ᠎ᠠ᠃ | ︵ᠨᠢᠭᠡ︶ ᠪᠡᠯᠡᠳᠬᠡᠬᠦ ᠱᠠᠲᠤ ︵2024.11 ︱ 2024.12︶᠃ ᠲᠤᠷᠰᠢᠯᠲᠠ ᠶᠢᠨ ᠴᠡᠭ ᠤᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ | ᠲᠤᠷᠰᠢᠯᠲᠠ ᠶᠢᠨ ᠴᠡᠭ ᠤᠨ ᠲᠣᠭᠤᠷᠢᠭ ᠳᠣᠲᠣᠷᠠᠬᠢ ᠬᠠᠮᠢᠶ᠎ᠠ ᠪᠦᠬᠦᠢ ᠡᠷᠬᠡ ᠶᠢᠨ ᠬᠠᠷᠢᠶᠠᠯᠠᠯ ᠤᠨ ᠮᠠᠲ᠋ᠧᠷᠢᠶᠠᠯ ᠢ ᠴᠤᠭᠯᠠᠭᠤᠯᠵᠤ ᠡᠮᠬᠢᠯᠡᠨ᠂ ᠲᠤᠷᠰᠢᠯᠲᠠ ᠶᠢᠨ | ᠴᠡᠭ ᠤᠨ ᠠᠵᠢᠯ ᠤᠨ ᠲᠥᠰᠥᠯ ᠢ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠳᠠᠩᠰᠠᠯᠠᠭᠤᠯᠤᠨ᠎ᠠ᠃ | ︵ᠬᠤᠶᠠᠷ︶ ᠬᠡᠷᠡᠭᠵᠢᠭᠦᠯᠬᠦ ᠱᠠᠲᠤ ︵2025.1 ︱ 2025.10︶᠃ ᠡᠮᠦᠨᠡᠬᠢ ᠬᠤᠭᠤᠴᠠᠭᠠᠨ ᠤ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ | ᠰᠣᠯᠪᠢᠴᠠᠭᠰᠠᠨ ᠪᠠᠶᠢᠳᠠᠯ ᠢ ᠣᠶᠢᠯᠠᠭᠠᠭᠰᠠᠨ ᠪᠠᠶᠢᠳᠠᠯ ᠲᠠᠢ ᠤᠶᠠᠯᠳᠤᠭᠤᠯᠵᠤ᠂ ᠲᠤᠷᠰᠢᠯᠲᠠ ᠶᠢᠨ ᠴᠡᠭ ᠤᠨ ᠣᠷᠣᠨ ᠪᠦᠰᠡ ᠶᠢᠨ ᠳᠣᠲᠣᠷᠠᠬᠢ ᠭᠠᠵᠠᠷ ᠤᠨ | ᠬᠠᠷᠢᠶ᠎ᠠ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ︔ ᠡᠷᠬᠡ ᠶᠢᠨ ᠬᠠᠷᠢᠶᠠᠯᠠᠯ ᠤᠨ ᠰᠣᠯᠪᠢᠴᠠᠯ ᠤᠨ ᠲᠥᠷᠥᠯ ᠬᠡᠯᠪᠡᠷᠢ ᠶᠢ ᠡᠮᠬᠢᠯᠡᠨ ᠳᠢᠭᠯᠡᠵᠦ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠪᠠ ᠠᠵᠢᠯ ᠤᠨ ᠶᠠᠪᠤᠴᠠ ᠶᠢ ᠲᠣᠳᠣᠷᠬᠠᠶᠢᠯᠠᠨ᠂ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠨ ᠪᠣᠢ ᠪᠣᠯᠭᠠᠨ᠎ᠠ᠃ ᠨᠥᠬᠦᠴᠡᠯ | ᠪᠦᠷᠢᠯᠳᠦᠭᠰᠡᠨ ᠪᠣᠯ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠨ᠎ᠠ᠃ | ︵ᠭᠤᠷᠪᠠ︶ ᠳ᠋ᠦᠩᠨᠡᠨ ᠲᠡᠭᠦᠯᠳᠡᠷᠵᠢᠭᠦᠯᠬᠦ ᠱᠠᠲᠤ ︵2025.11 ︱ 2025.12︶᠃ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ | ᠳ᠋ᠦᠩᠨᠡᠵᠦ᠂ ᠦᠷ᠎ᠡ ᠪᠦᠲᠦᠮᠵᠢ ᠪᠠ ᠬᠦᠷᠦᠯᠴᠡᠬᠦ ᠦᠭᠡᠢ ᠲᠠᠯ᠎ᠠ ᠶᠢ ᠦᠨᠡᠯᠡᠨ ᠵᠢᠱᠢᠨ᠎ᠡ︔ ᠠᠷᠭ᠎ᠠ ᠲᠤᠷᠰᠢᠯᠭ᠎ᠠ ᠶᠢ ᠳ᠋ᠦᠩᠨᠡᠬᠦ ᠶᠢᠨ ᠬᠠᠮᠲᠤ ᠬᠡᠷᠡᠭ ᠤᠨ ᠵᠢᠱᠢᠶ᠎ᠡ ᠶᠢ | ᠪᠦᠷᠢᠯᠳᠦᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠵᠢᠯ ᠤᠨ ᠵᠠᠭᠪᠤᠷ ᠢ ᠪᠤᠢ ᠪᠣᠯᠭᠠᠨ᠎ᠠ᠃ ᠲᠤᠷᠰᠢᠯᠲᠠ ᠶᠢᠨ ᠴᠡᠭ ᠤᠨ ᠠᠵᠢᠯ ᠤᠨ | ᠮᠡᠳᠡᠭᠦᠯᠦᠯᠲᠡ ᠶᠢ ᠳᠡᠭᠡᠭᠰᠢ ᠮᠡᠳᠡᠭᠦᠯᠦᠨ᠎ᠡ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠲᠤᠷᠰᠢᠯᠲᠠ ᠶᠢᠨ ᠭᠠᠵᠠᠷ ᠣᠷᠣᠨ ᠤ ᠠᠵᠢᠯ ᠤᠨ ᠠᠬᠢᠴᠠ ᠶᠢ ᠪᠥᠬᠦ ᠶᠠᠪᠤᠴᠠ ᠪᠠᠷ ᠮᠥᠷᠳᠡᠨ ᠳᠠᠭᠠᠵᠤ᠂ ᠴᠠᠭ | ᠲᠤᠨᠢ ᠱᠠᠭᠠᠷᠳᠠᠨ ᠪᠠᠶᠢᠴᠠᠭᠠᠵᠤ ᠵᠢᠯᠤᠭᠤᠳᠤᠨ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠴᠡᠭ ᠤᠨ ᠠᠵᠢᠯ ᠢ ᠦᠨᠡᠯᠡᠨ ᠰᠢᠯᠭᠠᠵᠤ᠂ | ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠵᠠᠭᠪᠤᠷ ᠢ ᠳ᠋ᠦᠩᠨᠡᠨ᠂ ᠪᠥᠬᠦ ᠬᠤᠰᠢᠭᠤᠨ ᠤ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠨ᠎ᠡ᠃ | | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ/ᠲᠠᠶᠢᠯᠤᠮᠵᠢ᠄ ᠵᠢᠷᠤᠭᠲᠤ ᠲᠠᠶᠢᠯᠤᠮᠵᠢ᠄ ︽ᠲᠠᠷᠢᠶᠠᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠡᠷᠬᠡ ᠶᠢᠨ ᠬᠠᠷᠢᠶᠠᠯᠠᠯ | ᠰᠣᠯᠪᠢᠴᠠᠭᠰᠠᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ︾ | | | | |