ᠦᠰᠦᠭ ᠢᠶᠠᠷ ᠦᠭᠦᠯᠡᠬᠦᠢ᠄ ᠣᠲᠤᠭ ᠬᠤᠰᠢᠭᠤᠨ ᠤ ᠪᠠᠩᠬᠢ ᠶᠢᠨ ᠦᠢᠯᠡᠰ ᠤᠨ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2025/3/21
      ᠶᠠᠭᠤ ᠶᠢ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠭᠡᠬᠦ ᠪᠤᠢ︖       ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠭᠡᠳᠡᠭ ᠪᠣᠯ ᠤᠤᠯ ᠤᠨ ᠵᠢᠭᠡᠯᠡᠯᠭᠡ ᠶᠢᠨ ᠬᠤᠭᠤᠴᠠᠭ᠎ᠠ ᠨᠢ ᠲᠤᠯᠬᠤ ᠦᠶ᠎ᠡ ᠳᠤ᠂ ᠵᠣᠭᠤᠰ ᠵᠢᠭᠡᠯᠡᠭᠴᠢ ᠡᠬᠡ ᠮᠥᠩᠭᠦ ᠪᠠᠨ ᠪᠤᠴᠠᠭᠠᠬᠤ ᠦᠭᠡᠢ ᠪᠠᠷ ᠪᠠᠩᠬᠢ ᠳᠤ ᠭᠤᠶᠤᠴᠢᠯᠠᠯ ᠳᠡᠪᠰᠢᠭᠦᠯᠵᠦ ᠬᠢᠨᠠᠨ ᠪᠠᠶᠢᠴᠠᠭᠠᠯᠭᠠᠨ ᠪᠠᠲᠤᠯᠠᠭᠤᠯᠤᠭᠰᠠᠨ ᠤ ᠲᠡᠷᠠᠭ᠎ᠠ᠂ ᠪᠠᠩᠬᠢ ᠯᠤᠭ᠎ᠠ ᠵᠣᠭᠤᠰ ᠵᠢᠭᠡᠯᠡᠬᠦ ᠰᠢᠨ᠎ᠡ ᠭᠡᠷ᠎ᠡ ᠲᠣᠭᠲᠠᠨ᠂ ᠠᠪᠤᠭᠰᠠᠨ ᠰᠢᠨ᠎ᠡ ᠵᠢᠭᠡᠯᠡᠯᠭᠡ ᠪᠠᠷ ᠢᠶᠠᠨ ᠤᠤᠯ ᠤᠨ ᠵᠢᠭᠡᠯᠡᠯᠭᠡ ᠪᠠᠨ ᠲᠡᠰᠦᠯᠦᠠ ᠪᠤᠳᠤᠵᠤ ᠪᠣᠯᠣᠨ᠎ᠠ᠂ ᠳᠠᠷᠤᠢ ᠵᠣᠭᠤᠰ ᠵᠢᠭᠡᠯᠡᠭᠴᠢ ᠶᠢᠨ ᠵᠢᠭᠡᠯᠡᠯᠭᠡ ᠶᠢᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠬᠦ ᠶᠢ ᠵᠥᠪᠰᠢᠶᠡᠷᠡᠭᠰᠡᠨ ᠨᠢᠭᠡ ᠵᠦᠢᠯ ᠤᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠵᠠᠭᠪᠤᠷ ᠢ ᠵᠢᠭᠠᠵᠤ ᠪᠠᠶᠢᠨ᠎ᠠ᠃       ᠦᠷᠭᠦᠯᠵᠢᠯᠡᠨ ᠵᠢᠭᠡᠯᠡᠯᠭᠡ ᠲᠠᠯᠪᠢᠬᠤ ᠶᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ       9 ᠳ᠋ᠦ᠋ᠭᠡᠷ ᠰᠠᠷ᠎ᠠ ᠶᠢᠨ 24 ᠤ ᠡᠳᠦᠷ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠦᠷᠭᠦᠯᠵᠢᠯᠡᠨ ᠵᠢᠭᠡᠯᠡᠯᠭᠡ ᠲᠠᠯᠪᠢᠬᠤ ᠠᠵᠢᠯ ᠢ ᠰᠠᠶᠢᠲᠤᠷ ᠬᠢᠵᠦ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠢ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠮᠥᠩᠭᠦᠨ ᠭᠦᠢᠯᠭᠡᠭᠡ ᠲᠣᠭᠲᠠᠭᠠᠯ ﹇2024﹈ 13 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠄       1. ᠦᠷᠭᠦᠯᠵᠢᠯᠡᠨ ᠵᠢᠭᠡᠯᠡᠭᠦᠯᠬᠦ ᠡᠲᠡᠭᠡᠳ ᠢ ᠤᠤᠯ ᠤᠨ ᠬᠡᠰᠡᠭ ᠵᠢᠵᠢᠭ ᠪᠢᠴᠢᠯ ᠠᠵᠤ ᠠᠬᠤᠶᠢᠯᠠᠯ ᠠᠴᠠ ᠪᠤᠢ ᠪᠦᠬᠦᠢ ᠵᠢᠵᠢᠭ ᠪᠢᠴᠢᠯ ᠠᠵᠤ ᠠᠬᠤᠶᠢᠯᠠᠯ ᠬᠦᠷᠲᠡᠯ᠎ᠡ ᠥᠷᠭᠡᠳᠬᠡᠵᠦ᠂ ᠵᠢᠭᠡᠯᠡᠯᠭᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠮᠥᠨ ᠯᠠ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠮᠥᠷᠲᠡᠭᠡᠨ ᠲᠥᠷ ᠴᠠᠭ ᠪᠡᠯᠡ ᠮᠥᠩᠭᠦᠨ ᠤ ᠬᠦᠴᠢᠷᠳᠡᠯ ᠲᠠᠢ ᠥᠭᠴᠡᠭᠡᠲᠡᠨ ᠨᠥᠬᠦᠴᠡᠯ ᠳᠤ ᠨᠡᠶᠢᠴᠡᠪᠡᠯ ᠴᠥᠮ ᠦᠷᠭᠦᠯᠵᠢᠯᠡᠨ ᠵᠢᠭᠡᠯᠡᠯᠭᠡ ᠠᠪᠬᠤ ᠪᠠᠷ ᠭᠤᠶᠤᠴᠢᠯᠠᠵᠤ ᠪᠣᠯᠣᠨ᠎ᠠ᠃      2. ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠱᠠᠲᠤᠴᠢ ᠴᠢᠨᠠᠷᠲᠠᠢ ᠪᠠᠷ ᠳᠤᠮᠳᠠ ᠬᠡᠯᠪᠡᠷᠢ ᠶᠢᠨ ᠠᠵᠤ ᠠᠬᠤᠶᠢᠯᠠᠯ ᠬᠦᠷᠲᠡᠯ᠎ᠡ ᠥᠷᠭᠡᠳᠬᠡᠵᠦ᠂ ᠬᠤᠭᠤᠴᠠᠭ᠎ᠠ ᠶᠢ ᠨᠢ ᠲᠦᠷ 3 ᠵᠢᠯ ᠢᠶᠠᠷ ᠲᠣᠭᠲᠠᠭᠠᠨ᠎ᠠ᠂ ᠲᠤᠬᠠᠶᠢᠯᠠᠪᠠᠯ 2027 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠬᠤᠭᠤᠴᠠᠭ᠎ᠠ ᠨᠢ ᠲᠤᠯᠤᠭᠰᠠᠨ ᠡᠷᠭᠢᠯᠲᠡ ᠶᠢᠨ ᠪᠡᠯᠡ ᠮᠥᠩᠭᠦᠨ ᠤ ᠵᠢᠭᠡᠯᠡᠯᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠃       3. ᠲᠦᠭᠰᠢᠭᠦᠷᠢ ᠶᠢᠨ ᠲᠥᠷᠥᠯ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠤ᠂ ᠦᠷᠭᠦᠯᠵᠢᠯᠡᠨ ᠵᠢᠭᠡᠯᠡᠯᠭᠡ ᠠᠪᠬᠤ ︽ᠬᠡᠪ ᠤᠨ ᠲᠥᠷᠥᠯ ᠤᠨ ᠵᠢᠭᠡᠯᠡᠯᠭᠡ︾ ᠶᠢᠨ ᠲᠥᠷᠥᠯ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠪᠠ᠂ ᠣᠣᠯ ᠤᠨ ᠵᠢᠭᠡᠯᠡᠯᠭᠡ ᠨᠢ ᠬᠡᠪ ᠤᠨ ᠲᠥᠷᠥᠯ ᠳᠤ ᠬᠠᠷᠢᠶᠠᠯᠠᠭᠳᠠᠵᠤ᠂ ᠵᠣᠭᠤᠰ ᠵᠢᠭᠡᠯᠡᠭᠴᠢ ᠨᠢ ᠨᠥᠬᠦᠴᠡᠯ ᠳᠤ ᠨᠡᠶᠢᠴᠡᠪᠡᠯ᠂ ᠦᠷᠭᠦᠯᠵᠢᠯᠡᠨ ᠵᠢᠭᠡᠯᠡᠯᠭᠡ ᠠᠪᠤᠭᠰᠠᠨ ᠰᠢᠯᠲᠠᠭᠠᠨ ᠢᠶᠠᠷ ᠲᠦᠭᠰᠢᠭᠦᠷᠢ ᠶᠢᠨ ᠲᠥᠷᠥᠯ ᠢᠯᠭᠠᠯ ᠢ ᠠᠰ ᠲᠤᠨᠢ ᠪᠠᠭᠤᠷᠠᠭᠤᠯᠬᠤ ᠦᠭᠡᠢ᠂ ᠬᠡᠪ ᠤᠨ ᠲᠥᠷᠥᠯ ᠳᠤ ᠣᠷᠣᠭᠤᠯᠤᠨ᠎ᠠ᠃       ᠣᠲᠤᠭ ᠬᠤᠰᠢᠭᠤᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ      ᠡᠯ᠎ᠡ ᠠᠵᠤ ᠠᠬᠤᠶᠢᠯᠠᠯ ᠤᠨ ᠮᠥᠩᠭᠦᠨ ᠭᠦᠢᠯᠭᠡᠭᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠬᠤ ᠳᠤ ᠲᠥᠬᠦᠮ ᠪᠣᠯᠭᠠᠬᠤ ᠶᠢᠨ ᠲᠥᠯᠥᠭᠡ᠂ ᠣᠲᠤᠭ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠶᠠᠨ ᠳᠠᠬᠢ ᠪᠠᠩᠬᠢ ᠶᠢᠨ ᠪᠠᠶᠢᠭᠤᠯᠤᠮᠵᠢ ᠶᠢᠨ ᠡᠬᠡ ᠮᠥᠩᠭᠦ ᠶᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠡᠮᠬᠢᠳᠬᠡᠭᠡᠳ ᠡᠳᠦᠭᠡ ᠨᠡᠶᠢᠲᠡᠯᠡᠪᠡ᠃       ᠤᠭ ᠵᠣᠬᠢᠶᠠᠯ᠄ ᠣᠲᠤᠭ ᠬᠤᠰᠢᠭᠤᠨ ᠤ ᠪᠠᠩᠭᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠬᠡ ᠮᠥᠩᠭᠦ ᠶᠢ ᠨᠢ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢᠨ ᠡᠮᠬᠢᠳᠬᠡᠯ  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ