ᠴᠡᠷᠢᠭ ᠤᠨ ᠠᠯᠪᠠ ᠠᠴᠠ ᠬᠠᠯᠠᠭᠳᠠᠭᠰᠠᠳ ᠮᠠᠯᠴᠢᠨ ᠤᠨ ᠪᠠᠶᠠᠵᠢᠨ ᠴᠢᠨᠡᠬᠡᠯᠢᠭᠵᠢᠬᠦ ᠲᠠᠭᠠᠭᠤᠯᠤᠭᠴᠢ ᠪᠤᠯᠵᠦ ᠪᠠᠶᠢᠨ᠎ᠠ
ᠨᠡᠶᠢᠲᠡᠯᠡᠭᠰᠡᠨ ᠴᠠᠭ᠄
2025/3/21
      ᠤᠳᠤᠷᠢᠳᠬᠠᠯ᠄ ᠤᠶᠢᠷ᠎ᠠ ᠳᠤ᠂ ᠤᠲᠤᠭ ᠬᠤᠰᠢᠭᠤᠨ ᠤ ᠠᠷᠪᠠᠰ ᠰᠤᠮᠤᠨ ᠤ ᠬᠠᠲᠠᠭᠤ ᠭᠠᠴᠠᠭᠠᠨ ᠤ ᠡᠳ᠋ᠰᠢᠭᠦᠯᠦᠨ ᠪᠣᠯᠪᠠᠰᠤᠷᠠᠭᠤᠯᠬᠤ ᠲᠠᠰᠤᠭ ᠲᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠸᠠᠩ ᠵᠧᠨ ᠶᠠᠩ ᠠᠵᠢᠯᠴᠢᠳ ᠲᠠᠢ ᠪᠠᠨ ᠬᠠᠮᠳᠤ ᠰᠢᠨ᠎ᠡ ᠰᠣᠷᠭᠤᠭ ᠢᠮᠠᠭᠠᠨ ᠮᠢᠬ᠎ᠠ ᠶᠢ ᠪᠤᠭᠤᠳᠠᠯᠯᠠᠵᠤ ᠶᠠᠭᠠᠷᠠᠨ᠎ᠠ᠃ ᠰᠡᠯᠬᠦᠨ ᠮᠠᠯᠵᠢᠬᠤ ᠬᠤᠭᠤᠴᠠᠭ᠎ᠠ ᠣᠶᠢᠷᠠᠳᠬᠤ ᠶᠢ ᠳᠠᠭᠠᠯᠳᠤᠨ᠂ ᠮᠠᠯ ᠤᠨ ᠮᠢᠬᠠᠨ ᠤ ᠪᠤᠷᠤᠯᠠᠭᠤᠯᠭ᠎ᠠ ᠰᠠᠶᠢᠵᠢᠷᠠᠵᠦ᠂ ᠴᠠᠭ ᠨᠡᠮᠡᠵᠦ ᠠᠵᠢᠯᠯᠠᠬᠤ ᠴᠢᠬᠤᠯᠠ ᠲᠠᠢ ᠪᠤᠯᠵᠠᠢ᠃       ᠲᠠᠶᠢᠯᠪᠤᠷᠢ᠄ ᠸᠠᠩ ᠵᠧᠨ ᠶᠠᠩ ᠪᠤᠯ ᠣᠷᠳᠣᠰ ᠬᠤᠳᠠ ᠶᠢᠨ ᠤᠯᠠᠭᠠᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠡᠭᠦᠰᠬᠡᠨ ᠪᠠᠶᠢᠭᠤᠯᠤᠭᠴᠢ ᠪᠠᠶᠢᠵᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ ︽ᠪᠠᠶᠠᠵᠢᠯ ᠤᠨ ᠳᠠᠭᠠᠭᠤᠯᠤᠭᠴᠢ︾ ᠪᠣᠯᠵᠠᠢ᠃ ᠦᠢᠯᠡᠳᠪᠤᠷᠢ ᠶᠢᠨ ᠲᠠᠰᠤᠭ ᠲᠤ᠂ ᠲᠡᠷᠡ ᠴᠠᠭ ᠢ ᠵᠠᠪᠳᠤᠨ ᠠᠵᠢᠯᠯᠠᠬᠤ ᠶᠢᠨ ᠬᠠᠮᠳᠤ ᠢᠮᠠᠭᠠᠨ ᠮᠢᠬᠠᠨ ᠤ ᠶᠠᠰᠤ ᠴᠢᠨᠠᠷ  ᠢ ᠪᠠᠲᠤᠯᠠᠬᠤ ᠶᠢ ᠠᠵᠢᠯᠴᠢᠳ ᠲᠤ ᠪᠠᠨ ᠪᠠᠶᠢᠨ ᠲᠠᠬᠢᠨ ᠵᠠᠬᠢᠵᠦ ᠪᠠᠶᠢᠯ᠎ᠠ᠃      ᠸᠠᠩ ᠵᠧᠨ ᠶᠠᠩ 2018 ᠣᠨ ᠳᠤ ᠴᠡᠷᠢᠭ ᠤᠨ ᠠᠯᠪᠠ ᠠᠴᠠ ᠬᠠᠯᠠᠭᠳᠠᠵᠤ ᠲᠦᠷᠦᠭᠰᠡᠨ ᠨᠤᠲᠤᠭ ᠲᠤ ᠪᠠᠨ ᠪᠤᠴᠠᠨ ᠢᠷᠡᠭᠰᠡᠨ ᠤ ᠲᠠᠷᠠᠭ᠎ᠠ᠂ ᠢᠮᠠᠭᠠᠨ ᠮᠢᠬ᠎ᠠ ᠶᠢᠨ ᠪᠣᠷᠣᠯᠠᠭᠤᠯᠭ᠎ᠠ ᠮᠠᠭᠤ᠂ ᠦᠨ᠎ᠡ ᠨᠢ ᠲᠤᠤᠷ᠎ᠠ ᠪᠠᠶᠢᠬᠤ ᠪᠠᠶᠢᠳᠠᠯ ᠢ ᠰᠡᠷᠬᠡᠭ ᠢᠶᠠᠷ ᠲᠠᠨᠢᠵᠦ᠂ ᠮᠠᠯᠴᠢᠳ ᠢᠶᠠᠨ ᠲᠠᠭᠠᠭᠤᠯᠤᠨ ᠣᠷᠤᠯᠭ᠎ᠠ ᠶᠢ ᠨᠢ ᠨᠡᠮᠡᠭᠳᠡᠬᠦᠯᠭᠦ ᠪᠤᠳᠤᠯ ᠤᠷᠤᠭᠰᠠᠨ ᠪᠠᠶᠢᠨ᠎ᠠ᠃       2019 ᠣᠨ ᠳᠤ ᠭᠡᠷ ᠤᠨ ᠬᠥᠮᠥᠰ ᠤᠨ ᠢᠶᠠᠨ ᠳᠡᠮᠵᠢᠯᠭᠡ ᠪᠠᠷ ᠸᠠᠩ ᠵᠧᠨ ᠶᠠᠩ ᠣᠷᠳᠣᠰ ᠬᠤᠳᠠ ᠶᠢᠨ ᠤᠯᠠᠭᠠᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠤᠭᠰᠠᠨ ᠪᠥᠭᠡᠳ ᠢᠮᠠᠭᠠᠨ ᠮᠢᠬᠠᠨ ᠤ ᠨᠡᠷᠡᠲᠦ ᠲᠡᠮᠳᠡᠭᠲᠦ ︽ᠮᠦ ᠵᠢᠶᠠ ᠬᠤᠢ︾ ᠶᠢ ᠡᠬᠦᠰᠬᠡᠨ ᠪᠠᠶᠢᠭᠤᠯᠵᠠᠢ᠃       ᠦᠢᠯᠡᠰ ᠴᠣᠭᠴᠠᠯᠠᠬᠤ ᠡᠬᠢᠨ ᠤ ᠬᠤᠭᠤᠴᠠᠭᠠᠨ ᠳᠤ ᠸᠠᠩ ᠵᠧᠨ ᠶᠠᠩ ᠢᠮᠠᠭ᠎ᠠ ᠨᠢᠲᠤᠯᠬᠤ᠂ ᠪᠣᠯᠪᠠᠰᠤᠷᠠᠭᠤᠯᠬᠤ ᠪᠠ ᠬᠦᠯᠳᠡᠬᠡᠵᠦ ᠲᠡᠭᠡᠭᠡᠪᠤᠷᠢᠯᠡᠬᠦ ᠮᠡᠷᠭᠡᠵᠢᠯ ᠢ ᠰᠢᠮᠳᠠᠨ ᠰᠤᠷᠤᠯᠴᠠᠵᠤ᠂ ᠭᠤᠭᠴᠤᠭ᠎ᠠ ᠨᠢᠭᠡᠪᠦᠷᠢ ᠶᠢ ᠨᠠᠷᠢᠨ ᠡᠵᠡᠮᠳᠡᠨ᠂ ᠦᠢᠯᠡᠳᠬᠦᠨ ᠤ ᠶᠠᠰᠤ ᠴᠢᠨᠠᠷ ᠢ ᠪᠠᠳᠤᠯᠠᠳᠠᠭ᠃ ᠭᠤᠷᠪᠠᠨ ᠵᠢᠯ ᠤᠨ ᠴᠢᠷᠮᠠᠶᠢᠯᠭ᠎ᠠ ᠪᠠᠷ᠂ 2022 ᠣᠨ ᠳᠤ ᠲᠡᠷᠡ ᠴᠢ ᠫᠠᠨ ᠵᠢᠩ ᠪᠠᠯᠭᠠᠰᠤᠨ ᠳᠤ ᠠᠷᠪᠠᠰ ᠤᠨ ᠢᠮᠠᠭᠠᠨ ᠮᠢᠬ᠎ᠠ ᠪᠣᠷᠣᠯᠠᠭᠤᠯᠬᠤ ᠳᠡᠯᠭᠡᠭᠦᠷ ᠭᠠᠷᠭᠠᠵᠦ᠂ ᠮᠠᠯᠴᠢᠳ ᠢ ᠬᠠᠪᠰᠤᠷᠤᠨ ᠢᠮᠠᠭᠠᠨ ᠮᠢᠬᠠᠨ ᠤ ᠪᠦᠳᠦᠬᠡᠭᠳᠡᠭᠦᠨ ᠢ ᠨᠢ ᠪᠤᠷᠤᠯᠠᠭᠤᠯᠵᠦ᠂ ᠬᠠᠮᠤᠭ ᠠᠩᠬᠠᠨ ᠳᠤ ᠪᠠᠨ ᠬᠤᠶᠠᠷ ᠵᠠᠭᠤ ᠭᠠᠷᠤᠢ ᠢᠮᠠᠭ᠎ᠠ ᠪᠣᠷᠣᠯᠠᠭᠤᠯᠵᠤ ᠪᠠᠶᠢᠭᠰᠠᠨ ᠪᠤᠯ᠂ ᠣᠲᠣ ᠪᠤᠯᠬᠤ ᠳᠤ ᠮᠢᠩᠭ᠎ᠠ ᠭᠠᠷᠤᠢ ᠢᠮᠠᠭ᠎ᠠ ᠪᠣᠷᠣᠯᠠᠭᠤᠯᠵᠤ᠂ ︽ᠮᠦ ᠵᠢᠶᠠ ᠬᠤᠢ︾ ᠶᠢᠨ ᠨᠥᠯᠥᠭᠡᠯᠡᠬᠦ ᠬᠦᠴᠦᠨ ᠢ ᠲᠡᠭᠡᠭᠰᠢᠯᠡᠬᠦᠯᠦᠭᠰᠡᠨ ᠪᠠᠶᠢᠨ᠎ᠠ᠃       ᠦᠢᠯᠡᠰ ᠴᠤᠭᠴᠠᠯᠠᠭᠰᠠᠨ ᠵᠠᠮ ᠮᠦᠷ ᠢᠶᠠᠨ ᠡᠷᠬᠢᠴᠡᠬᠦᠯᠬᠦ ᠳᠤ ᠸᠠᠩ ᠵᠧᠨ ᠶᠠᠩ᠄ ︽ᠪᠡᠯᠡ ᠮᠥᠩᠭᠦᠨ ᠤ ᠡᠷᠭᠢᠯᠲᠡ ᠬᠦᠴᠢᠷᠳᠡᠬᠦ᠂ ᠢᠮᠠᠭᠠᠨ ᠮᠢᠬ᠎ᠠ ᠪᠠᠨ ᠦᠨᠳᠦᠷ ᠦᠨ᠎ᠡ ᠪᠠᠷ ᠪᠤᠷᠤᠯᠠᠭᠤᠯᠵᠦ ᠲᠡᠶᠢᠯᠬᠦ ᠦᠬᠡᠢ ᠵᠡᠷᠭᠡ ᠠᠰᠠᠭᠤᠳᠠᠯ ᠲᠤᠯᠭᠠᠷᠠᠭᠰᠠᠨ ᠪᠤᠯᠪᠠᠴᠦ ᠮᠠᠯᠴᠢᠳ ᠤᠨ ᠪᠤᠷᠤᠯᠠᠭᠤᠯᠭ᠎ᠠ ᠶᠢᠨ ᠵᠠᠮ ᠨᠡᠭᠡᠭᠳᠡᠵᠦ ᠪᠠᠶᠢᠬᠤ  ᠶᠢ ᠬᠠᠷᠠᠭᠠᠳ ᠵᠤᠷᠢᠭᠵᠢᠳᠠᠭ︾ ᠬᠡᠵᠦ ᠪᠠᠶᠢᠯ᠎ᠠ᠃      ᠮᠠᠯᠴᠢᠨ ᠪᠤᠶᠠᠨᠲᠤ᠄ ᠥᠩᠭᠡᠷᠡᠭᠰᠡᠨ ᠳᠤ ᠮᠠᠨ ᠤ ᠲᠡᠵᠢᠭᠡᠭᠰᠡᠨ ᠢᠮᠠᠭᠠᠨ ᠤ ᠮᠢᠬ᠎ᠠ ᠶᠢᠨ ᠴᠢᠨᠠᠷ ᠬᠡᠳᠦᠶᠢᠪᠡᠷ ᠰᠠᠶᠢᠨ ᠪᠣᠯᠪᠠᠴᠤ ᠦᠨᠳᠦᠷ ᠦᠨ᠎ᠡ ᠪᠠᠷ ᠬᠤᠳᠠᠯᠳᠤᠵᠤ ᠭᠠᠷᠬᠤ ᠦᠭᠡᠢ᠂ ᠣᠯᠠᠩᠬᠢ ᠳᠤ ᠪᠠᠨ ᠵᠠᠪᠰᠠᠷ ᠤᠨ ᠬᠤᠳᠠᠯᠳᠤᠭᠠᠴᠢᠨ ᠳᠤ ᠬᠢᠮᠳᠠ ᠦᠨ᠎ᠡ ᠪᠠᠷ ᠬᠤᠳᠠᠯᠳᠤᠳᠠᠭ᠃ ᠸᠠᠩ ᠵᠧᠨ ᠶᠠᠩ ︿ᠮᠦ ᠵᠢᠶᠠ ᠬᠤᠢ﹀ ᠶᠢ ᠡᠬᠦᠰᠭᠡᠨ ᠲᠠᠩᠰᠠᠯᠠᠭᠰᠠᠨ ᠤ ᠲᠠᠷᠠᠭ᠎ᠠ᠂  ᠪᠣᠷᠣᠯᠠᠭᠤᠯᠭ᠎ᠠ ᠶᠢᠨ ᠵᠠᠮ ᠨᠡᠭᠡᠭᠡᠭᠳᠡᠵᠦ᠂ ᠣᠷᠣᠯᠭ᠎ᠠ ᠴᠤ ᠨᠡᠮᠡᠭᠳᠡᠵᠡᠢ᠃ ᠲᠡᠷᠡ ᠪᠢᠳᠡᠨ ᠤ ᠢᠮᠠᠭ᠎ᠠ ᠬᠤᠳᠠᠯᠳᠤᠬᠤ ᠳᠤ ᠬᠦᠴᠢᠷᠳᠡᠬᠦ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠪᠢᠳᠡᠨ ᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ᠂ ᠢᠮᠠᠭᠠᠨ ᠮᠢᠬᠠᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠵᠢᠯᠤᠭᠤᠳᠳᠠᠭ᠃ ᠣᠲᠣ ᠮᠠᠨ ᠤ ᠲᠡᠵᠢᠭᠡᠵᠦ ᠪᠠᠶᠢᠭ᠎ᠠ ᠢᠮᠠᠭᠠᠨ ᠤ ᠪᠤᠷᠤᠯᠠᠭᠤᠯᠭ᠎ᠠ ᠰᠠᠶᠢᠵᠢᠷᠠᠭᠰᠠᠨ ᠪᠦᠬᠡᠳ ᠦᠨ᠎ᠡ ᠬᠠᠩᠰᠢ ᠨᠢ ᠴᠦ ᠲᠣᠭᠲᠠᠪᠤᠷᠢᠲᠠᠢ᠂ ᠠᠮᠢᠳᠤᠷᠠᠯ ᠥᠩᠭᠡᠷᠡᠭᠰᠡᠨ ᠤ ᠬᠢ ᠠᠴᠠ ᠪᠠᠨ ᠬᠤᠯᠠ ᠰᠠᠶᠢᠵᠢᠷᠠᠵᠠᠢ᠃       ᠣᠳᠣᠬᠠᠨ ᠳᠤ᠂ ︽ᠮᠦ ᠵᠢᠶᠠ ᠬᠤᠢ︾ ᠨᠢᠭᠡᠨᠲᠡ ᠵᠢᠵᠢᠭ ᠮᠢᠬᠠᠨ ᠤ ᠳᠡᠯᠭᠡᠭᠦᠷ ᠠᠴᠠ ᠪᠠᠨ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠵᠤ ᠠᠬᠤᠶᠢᠯᠠᠯ ᠪᠤᠯᠵᠦ᠂ ᠦᠢᠯᠡᠳᠬᠦᠨ ᠤ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠤᠯᠠᠮ ᠲᠡᠭᠡᠭᠰᠢᠯᠡᠵᠦ᠂ ᠸᠠᠩ ᠵᠧᠨ ᠶᠠᠩ ᠴᠦ ᠲᠤᠬᠠᠢ ᠶᠢᠨ ᠭᠠᠵᠠᠷ ᠤᠨ ᠮᠠᠯᠴᠢᠳ ᠲᠤ ᠪᠠᠨ ᠦᠨᠡᠨ ᠪᠣᠳᠠᠲᠠᠢ ᠠᠰᠢᠭ ᠬᠦᠷᠳᠡᠭᠡᠭᠰᠡᠨ ᠪᠠᠶᠢᠨ᠎ᠠ᠃      ᠢᠷᠡᠭᠡᠳᠦᠢ ᠶᠢᠨ ᠲᠤᠬᠠᠢ ᠸᠠᠩ ᠵᠧᠨ ᠶᠠᠩ ᠬᠡᠯᠡᠬᠦ ᠳᠡᠭᠡᠨ᠂ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠤᠯᠠᠮ ᠦᠷᠬᠡᠳᠭᠡᠵᠦ᠂ ᠨᠠᠩ ᠤᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠬᠦᠯᠬᠦ ᠪᠠᠷ ᠲᠥᠯᠥᠪᠯᠡᠵᠦ ᠪᠠᠶᠢᠨ᠎ᠠ ᠬᠡᠯ᠎ᠡ᠃                                                 ᠰᠤᠷᠪᠤᠯᠵᠢᠯᠠᠭᠴᠢ᠄ ᠨᠠᠮᠤᠷ᠎ᠠ   ᠬᠤᠷᠸ᠎ᠠ 
ᠢᠷᠡᠯᠲᠡ᠄ ​ᠣᠲᠤᠭ ᠨᠡᠶᠢᠲᠡᠯᠡᠯ