ᠰᠦᠮᠡᠲᠦ ᠰᠤᠮᠤ ᠶᠢᠨ ᠪᠠᠶᠠᠨᠪᠤᠯᠠᠭ ᠭᠠᠴᠠᠭ᠎ᠠ ᠶᠢᠨ ᠳᠣᠷᠣᠭᠰᠢ ᠪᠠᠭᠤᠭᠰᠠᠨ ᠠᠵᠢᠯᠯᠠᠬᠤ ᠠᠩᠭᠢ ᠪᠣᠳᠠᠲᠠᠢ ᠠᠷᠭ᠎ᠠ ᠬᠡᠮᠵᠢᠶ᠎ᠡ ᠠᠪᠴᠤ  ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠨᠢ ᠪᠣᠳᠠᠲᠤ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2025/3/24
      ᠰᠤᠮᠤ ᠶᠢᠨ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠪᠠᠶᠠᠨᠪᠤᠯᠠᠭ ᠭᠠᠴᠠᠭ᠎ᠠ ᠶᠢᠨ ᠳᠣᠷᠣᠭᠰᠢ ᠪᠠᠭᠤᠭᠰᠠᠨ ᠠᠵᠢᠯᠯᠠᠬᠤ ᠠᠩᠭᠢ ᠶᠢᠨ ᠬᠢᠨ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠲᠦᠮᠡᠨ ᠳᠤ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠪᠠᠷ ᠨᠠᠶᠢᠳᠠᠪᠤᠷᠢᠵᠢᠭᠤᠯᠤᠨ᠂ ︽ᠨᠢᠭᠤᠷᠳᠠᠨ ᠦᠢᠯᠡᠴᠢᠯᠡᠬᠦ︾ ᠦᠢᠯᠡᠴᠢᠯᠡᠭᠡ ᠶᠢ ᠰᠡᠳᠬᠢᠯ ᠲᠠᠯᠪᠢᠨ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃      ᠳᠣᠷᠣᠭᠰᠢ ᠪᠠᠭᠤᠭᠰᠠᠨ ᠠᠵᠢᠯᠯᠠᠬᠤ ᠠᠩᠭᠢ ᠪᠣᠯᠣᠨ ᠭᠠᠴᠠᠭᠠᠨ ᠤ ︽ᠬᠤᠶᠠᠷ ᠵᠥᠪᠯᠡᠯ︾ ᠲᠣᠭᠲᠠᠭᠰᠠᠨ ᠬᠤᠭᠤᠴᠠᠭ᠎ᠠ ᠲᠠᠢ ᠪᠠᠷ ︽ᠠᠭᠤᠯᠵᠠᠵᠤ︾᠂ ᠭᠠᠴᠠᠭᠠᠨ ᠤ ᠳᠡᠰ ᠤᠨ ᠠᠵᠢᠯ ᠤᠨ ᠰᠠᠭᠤᠷᠢ ᠪᠣᠯᠣᠨ ᠬᠥᠭᠵᠢᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢᠨ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠵᠤ᠂ ᠭᠠᠴᠠᠭᠠᠨ ᠤ ᠠᠵᠢᠯ ᠢ ᠬᠡᠷᠬᠢᠨ ᠯᠠᠪᠳᠠᠭᠤᠨ ᠲᠣᠭᠲᠠᠭᠤᠨ ᠮᠥᠷᠲᠡᠭᠡᠨ ᠡᠮᠬᠢ ᠳᠢᠭᠯᠢᠮ ᠲᠠᠢ ᠪᠠᠷ ᠠᠬᠢᠭᠤᠯᠤᠨ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠡᠩ ᠰᠠᠶᠢᠲᠤᠷ ᠪᠦᠬᠦ ᠲᠠᠯ᠎ᠠ ᠪᠠᠷ ᠣᠶᠢᠯᠠᠭᠠᠵᠤ ᠡᠵᠡᠮᠰᠢᠬᠦ ᠲᠤᠬᠠᠢ ᠢᠳᠡᠪᠬᠢᠲᠡᠢ ᠪᠠᠷ ᠠᠷᠭ᠎ᠠ ᠪᠣᠳᠣᠯᠭ᠎ᠠ ᠳᠤᠷᠠᠳᠴᠤ᠂ ᠭᠠᠴᠠᠭᠠᠨ ᠤ ᠣᠨ ᠤ ᠠᠵᠢᠯ ᠤᠨ ᠲᠥᠯᠥᠪᠯᠡᠭᠡ ᠵᠢᠴᠢ ᠠᠷᠠᠳᠴᠢᠯᠠᠯ ᠢᠶᠠᠷ ᠬᠡᠷᠡᠭ ᠵᠥᠪᠯᠡᠬᠦ ᠵᠡᠷᠭᠡ ᠠᠵᠢᠯ ᠢ ᠵᠢᠯᠣᠭᠤᠳᠴᠤ ᠬᠠᠪᠰᠤᠷᠤᠨ᠂ ᠲᠡᠳᠡᠨ ᠤ ᠬᠡᠷᠡᠭ ᠵᠥᠪᠯᠡᠬᠦ ᠰᠢᠢᠳᠪᠦᠷᠢ ᠲᠣᠭᠲᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠦᠢᠯᠡᠴᠢᠯᠡᠭᠡ ᠬᠢᠭᠡᠳ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠠᠪᠴᠠᠯᠳᠤᠭᠤᠯᠬᠤ ᠶᠢ ᠦᠨᠡᠨᠬᠦ ᠪᠡᠶᠡᠯᠡᠭᠦᠯᠪᠡ᠃      ᠠᠷᠠᠳ ᠤᠨ ᠬᠦᠴᠢᠷᠳᠡᠯ ᠢ ᠰᠢᠢᠳᠪᠦᠷᠢᠯᠡᠬᠦ ᠪᠠᠷ ᠡᠭᠦᠰᠦᠯᠲᠡ ᠪᠣᠯᠣᠨ ᠲᠡᠭᠦᠰᠦᠯᠲᠡ ᠪᠠᠨ ᠪᠣᠯᠭᠠᠨ᠂ ᠵᠥᠷᠢᠴᠡᠯ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠬᠤ ᠬᠢᠭᠡᠳ ᠠᠷᠢᠯᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠷᠣᠭᠰᠢ ᠪᠠᠭᠤᠭᠰᠠᠨ ᠠᠵᠢᠯᠯᠠᠬᠤ ᠠᠩᠭᠢ ᠶᠢᠨ ᠬᠢᠨ ᠡᠷᠦᠬᠡ ᠳᠤ ᠣᠴᠢᠵᠤ ᠪᠠᠶᠢᠳᠠᠯ ᠢ ᠣᠶᠢᠯᠠᠭᠠᠬᠤ ᠠᠵᠢᠯ ᠢ ᠭᠦᠨᠵᠡᠭᠡᠢ ᠥᠷᠨᠢᠭᠦᠯᠦᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠠᠰᠠᠭᠤᠳᠠᠯ ᠢ ᠣᠯᠵᠤ ᠮᠡᠳᠡᠮᠡᠭᠴᠡ ᠳᠠᠷᠤᠢ ᠲᠦᠷᠭᠡᠨ ᠮᠥᠷᠳᠡᠨ ᠳᠠᠭᠠᠵᠤ᠂ ᠴᠠᠭ ᠲᠤᠬᠠᠢ ᠳᠤᠨᠢ ᠰᠢᠢᠳᠪᠦᠷᠢᠯᠡᠨ᠂ ᠵᠥᠷᠢᠴᠡᠯ ᠢ ᠦᠨᠡᠨᠬᠦ ᠭᠠᠴᠠᠭᠠᠨ ᠳᠣᠲᠣᠷ᠎ᠠ ᠪᠠᠨ ᠰᠢᠢᠳᠪᠦᠷᠢᠯᠡᠵᠦ᠂ ᠳᠠᠯᠳᠠ ᠬᠡᠮ ᠢ ᠴᠤᠬᠤᠶᠢᠵᠤ ᠪᠠᠶᠢᠭ᠎ᠠ ᠦᠶ᠎ᠡ ᠳᠤᠨᠢ ᠠᠷᠢᠯᠭᠠᠨ᠂ ᠬᠠᠷᠢᠶ᠎ᠠ ᠣᠷᠣᠨ ᠤ ᠡᠶ᠎ᠡ ᠵᠣᠬᠢᠴᠠᠯ ᠲᠠᠢ ᠠᠮᠤᠷ ᠲᠣᠭᠲᠠᠭᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃      ᠠᠵᠢᠯᠯᠠᠬᠤ ᠠᠩᠭᠢ ᠶᠢᠨ ᠭᠡᠰᠢᠭᠦᠳ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠠᠶᠢᠯ ᠡᠷᠦᠬᠡ ᠳᠤ ᠤᠬᠠᠭᠤᠯᠤᠨ᠂ ᠮᠠᠯᠴᠢᠨ ᠲᠠᠷᠢᠶᠠᠴᠢᠳ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠬᠠᠤᠯᠢ ᠶᠢ ᠰᠠᠬᠢᠬᠤ ᠤᠬᠠᠮᠰᠠᠷ ᠢ ᠨᠢ ᠨᠡᠮᠡᠭᠳᠡᠭᠦᠯᠬᠦ ᠶᠢ ᠪᠠᠲᠤᠯᠠᠪᠠ᠃ ᠡᠭᠦᠨ ᠤ ᠬᠠᠮᠲᠤ᠂ ᠬᠡᠷᠡᠭ ᠤᠨ ᠵᠢᠱᠢᠶ᠎ᠡ ᠶᠢᠨ ᠲᠤᠬᠠᠢ ᠲᠦᠷᠦᠭᠳᠡᠯ ᠢᠶᠠᠨ ᠬᠤᠪᠢᠶᠠᠯᠴᠠᠬᠤ᠂ ᠠᠬᠤᠢ ᠲᠠᠯᠠᠪᠠᠢ ᠳᠤ ᠬᠠᠷᠢᠭᠤᠯᠲᠠ ᠥᠭᠬᠦ᠂ ᠨᠢᠭᠡᠳ ᠨᠢᠭᠡ ᠪᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ᠂ ᠥᠨᠳᠥᠷ ᠨᠠᠰᠤᠨ ᠤ ᠨᠥᠬᠦᠪᠦᠷᠢ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠮᠠᠷᠬᠠᠨ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠮᠠᠯᠴᠢᠨ ᠲᠠᠷᠢᠶᠠᠴᠢᠨ ᠨᠢᠭᠡᠪᠦᠷᠢ ᠳᠤ ᠬᠦᠷᠲᠡᠭᠡᠪᠡ᠃      ᠳᠣᠷᠣᠭᠰᠢ ᠪᠠᠭᠤᠭᠰᠠᠨ ᠠᠵᠢᠯᠯᠠᠬᠤ ᠠᠩᠭᠢ ︽ᠨᠢᠭᠤᠷᠳᠠᠨ ᠦᠢᠯᠡᠴᠢᠯᠡᠬᠦ︾ ᠡᠳᠦᠷ ᠪᠣᠯᠣᠨ ᠮᠠᠯᠴᠢᠨ ᠲᠠᠷᠢᠶᠠᠴᠢᠨ ᠤ ᠡᠳᠦᠷ ᠲᠤᠲᠤᠮ ᠤᠨ ᠭᠦᠢᠴᠡᠳᠬᠡᠬᠦ ᠴᠢᠬᠤᠯᠠᠲᠠᠢ ᠶᠠᠪᠤᠳᠠᠯ ᠲᠠᠢ ᠤᠶᠠᠯᠳᠤᠭᠤᠯᠤᠨ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠳᠤᠲᠠᠭᠤ ᠬᠦᠶᠦᠵᠦ︾ ᠪᠠᠶᠢᠭᠰᠠᠨ ᠢ ︽ᠥᠯᠥ ᠭᠦᠶᠦᠬᠦ︾ ᠪᠣᠯᠭᠠᠪᠠ᠃ ᠡᠭᠦᠨ ᠤ ᠳᠠᠭᠠᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠢᠯᠠᠩᠭᠤᠶ᠎ᠠ ᠭᠠᠴᠠᠭᠠᠨ ᠤ ᠬᠦᠴᠢᠷᠳᠡᠯᠲᠡᠢ ᠬᠦᠮᠦᠰ᠂ ᠣᠨᠴᠠᠭᠠᠢ ᠬᠥᠮᠥᠰ ᠪᠠ ᠨᠠᠰᠤᠲᠠᠶᠢᠴᠤᠳ ᠵᠡᠷᠭᠡ ᠬᠥᠮᠥᠰ ᠲᠤ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠡᠮᠴᠢᠯᠡᠭᠡᠨ ᠤ ᠳᠠᠭᠠᠳᠬᠠᠯ ᠢ ᠨᠢ ᠲᠤᠰᠢᠶᠠᠬᠤ᠂ ᠨᠠᠰᠤᠲᠠᠶᠢᠴᠤᠳ ᠤᠨ ᠣᠷᠣᠰᠢᠨ ᠠᠮᠢᠳᠤᠷᠠᠬᠤ ᠶᠢᠨ ᠭᠡᠷᠡᠴᠢᠯᠡᠯ ᠬᠢᠬᠦ ᠵᠡᠷᠭᠡ ᠦᠢᠯᠡᠴᠢᠯᠡᠭᠡ ᠬᠠᠩᠭᠠᠨ᠂ ᠪᠣᠳᠠᠲᠤ ᠠᠵᠢᠯᠯᠠᠭ᠎ᠠ ᠪᠠᠷ ᠢᠶᠠᠨ ᠲᠡᠷᠡ ᠳᠠᠷᠤᠢ ᠳᠤᠨᠢ ᠬᠠᠷᠢᠭᠤ ᠥᠭᠴᠦ ᠭᠦᠢᠴᠡᠳᠬᠡᠵᠦ᠂ ᠣᠯᠠᠨ ᠲᠦᠮᠡᠨ ᠤ ᠤᠴᠢᠷ ᠶᠠᠪᠤᠳᠠᠯ ᠢᠶᠠᠨ ᠣᠶᠢᠷ᠎ᠠ ᠬᠠᠪᠢ ᠳᠠᠭᠠᠨ ᠲᠦᠷᠭᠡᠨ ᠭᠦᠢᠴᠡᠳᠬᠡᠬᠦ ᠶᠢ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠭᠠᠴᠠᠭ᠎ᠠ ᠶᠢᠨ ᠳᠣᠷᠣᠭᠰᠢ ᠪᠠᠭᠤᠭᠰᠠᠨ ᠠᠵᠢᠯᠯᠠᠬᠤ ᠠᠩᠭᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠦᠷᠭᠦᠯᠵᠢᠯᠡᠨ ᠪᠠᠶᠢᠩᠭᠤ ᠥᠷᠨᠢᠭᠦᠯᠵᠦ᠂ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ ᠳᠣᠲᠣᠨᠣ ᠦᠢᠯᠡᠴᠢᠯᠡᠭᠡ ᠶᠢ ᠪᠠᠶᠢᠩᠭᠤᠵᠢᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠢ ᠬᠢᠵᠦ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠬᠥᠭᠵᠢᠯᠲᠡ ᠳᠤ ᠬᠦᠴᠦᠨ ᠨᠡᠮᠡᠷᠢᠯᠡᠨ᠎ᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ