ᠮᠧᠩ ᠰᠢ ᠨᠡᠶᠢᠭᠡᠮ ᠲᠣᠭᠤᠷᠢᠭ ︽ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠵᠤ  ᠦᠨᠳᠦᠰᠦᠲᠡᠨ ᠤ ᠪᠦᠯᠬᠦᠮᠳᠡᠯ ᠢ ᠠᠬᠢᠭᠤᠯᠤᠨ  ᠡᠶ᠎ᠡ ᠵᠣᠬᠢᠴᠠᠯᠲᠠᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/24
      ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 14 ᠤ ᠡᠳᠦᠷ᠂ ᠮᠸᠡᠭ ᠰᠢ ᠨᠡᠶᠢᠭᠡᠮ ᠲᠣᠭᠤᠷᠢᠭ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠡᠶ᠎ᠡ ᠵᠣᠬᠢᠴᠠᠯᠲᠠᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠡᠳᠦᠷ᠂ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠬᠤᠤ ᠲᠢᠶᠠᠨ ᠬᠡᠲᠦ ᠳᠡᠯᠭᠡᠭᠦᠷ ᠲᠤ ᠤᠬᠠᠭᠤᠯᠭ᠎ᠠ ᠶᠢᠨ ᠭᠠᠵᠠᠷ ᠭᠠᠷᠭᠠᠪᠠ᠃ ᠠᠵᠢᠯᠲᠠᠳ ᠰᠠᠭᠤᠭᠠᠯᠢ ᠠᠷᠠᠳ ᠲᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠠᠶᠢᠩᠭᠤ ᠲᠣᠬᠢᠶᠠᠯᠳᠤᠬᠤ ᠬᠡᠷᠡᠭᠯᠡᠭᠡ ᠶᠢᠨ ᠮᠡᠬᠡᠯᠡᠯ ᠢ ᠰᠡᠷᠭᠡᠶᠢᠯᠡᠬᠦ ᠠᠷᠭ᠎ᠠ ᠶᠢ ᠬᠠᠯᠠᠰᠢᠷᠠᠯ ᠦᠭᠡᠢ ᠲᠠᠶᠢᠯᠪᠤᠷᠢᠯᠠᠵᠤ ᠪᠠᠶᠢᠯ᠎ᠠ᠃ ᠡᠭᠦᠨ ᠤ ᠬᠠᠮᠲᠤ᠂ ᠠᠵᠢᠯᠲᠠᠳ ᠪᠠᠰᠠ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠳᠡᠪᠲᠡᠷ ᠢ ᠲᠤᠰᠬᠠᠢ ᠪᠡᠯᠡᠳᠬᠡᠨ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠬᠢᠭᠡᠳ ᠠᠯᠤᠰ ᠬᠡᠳᠦ ᠶᠢᠨ ᠠᠴᠢ ᠬᠤᠯᠪᠣᠭᠳᠠᠯ ᠢ ᠭᠦᠢᠴᠡᠳ ᠲᠠᠨᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠬᠥᠮᠥᠨ ᠪᠦᠬᠦᠨ ᠤ ᠰᠡᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃       ᠲᠣᠰ ᠤᠳᠠᠭᠠᠨ ᠤ ︽3 · 15︾ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠳᠤ ᠮᠸᠡᠭ ᠰᠢ ᠨᠡᠶᠢᠭᠡᠮ ᠲᠣᠭᠤᠷᠢᠭ ᠤᠨ ᠬᠢᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠬᠢᠭᠡᠳ ᠦᠨᠳᠦᠰᠦᠲᠡᠨ ᠤ ᠪᠦᠯᠬᠦᠮᠳᠡᠯ ᠢ ᠤᠬᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠤᠬᠠᠮᠰᠠᠷ ᠪᠣᠯᠣᠨ ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠬᠤᠶᠢᠰᠢᠳᠠ ᠮᠸᠡᠭ ᠰᠢ ᠨᠡᠶᠢᠭᠡᠮ ᠲᠣᠭᠤᠷᠢᠭ ᠤᠨ ᠬᠢᠨ ᠡᠯ᠎ᠡ ᠲᠠᠯ᠎ᠠ ᠶᠢᠨ ᠬᠦᠴᠦᠨ ᠲᠠᠢ ᠬᠤᠯᠪᠣᠭᠠᠯᠠᠵᠤ᠂ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠦᠨ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ