ᠴᠢ ᠫᠠᠨ ᠵᠢᠩ ᠪᠠᠯᠭᠠᠰᠤ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ  ᠳᠣᠷᠣᠭᠰᠢ ᠪᠠᠭᠤᠭᠰᠠᠨ ᠺᠠᠳ᠋ᠷᠴᠤᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/3/24
      ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠥᠷᠨᠢᠭᠦᠯᠦᠭᠰᠡᠨ ᠠᠴᠠ ᠨᠠᠭᠠᠰᠢ᠂ ᠡᠷᠬᠡᠲᠦ ᠭᠠᠴᠠᠭᠠᠨ ᠤ ᠳᠣᠷᠣᠭᠰᠢ ᠪᠠᠭᠤᠭᠰᠠᠨ ᠺᠠᠳ᠋ᠷᠴᠤᠳ ︽ᠪᠣᠳᠠᠲᠠᠢ ᠠᠵᠢᠯ ᠬᠢᠵᠦ᠂ ᠠᠷᠠᠳ ᠤᠨ ᠬᠦᠴᠢᠷᠳᠡᠯ ᠢ ᠰᠢᠢᠳᠪᠦᠷᠢᠯᠡᠨ᠂ ᠬᠥᠭᠵᠢᠯᠲᠡ ᠶᠢ ᠠᠬᠢᠭᠤᠯᠬᠤ︾ ᠪᠠᠷ ᠬᠠᠷᠠᠯᠲᠠ ᠪᠠᠨ ᠪᠣᠯᠭᠠᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠲᠠᠢ ᠨᠢᠭᠲᠠ ᠬᠠᠮᠵᠢᠯᠴᠠᠨ᠂ ᠬᠠᠮᠲᠤᠷᠠᠨ ᠠᠵᠢᠯᠯᠠᠵᠤ᠂ ᠬᠥᠳᠡᠭᠡ ᠲᠣᠰᠬᠤᠨ ᠤ ᠠᠮᠢᠳᠤᠷᠠᠯ ᠲᠠᠢ ᠠᠭᠤᠰᠤᠯᠴᠠᠵᠤ᠂ ᠠᠷᠠᠳ ᠲᠤ ᠪᠣᠳᠠᠲᠤ ᠠᠵᠢᠯ ᠬᠢᠵᠦ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠭᠡᠷ ᠢᠷᠡᠪᠡ᠃      ᠣᠯᠠᠨ ᠲᠦᠮᠡᠨ ᠤ ᠳᠤᠮᠳᠠ ᠭᠦᠨᠵᠡᠭᠡᠶᠢᠷᠡᠵᠦ ᠠᠷᠠᠳ ᠤᠨ ᠰᠠᠨᠠᠯ ᠢ ᠰᠣᠨᠣᠰᠤᠨ᠂ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠠᠪᠴᠠᠯᠳᠤᠭᠤᠯᠪᠠ      ᠳᠣᠷᠣᠭᠰᠢ ᠪᠠᠭᠤᠭᠰᠠᠨ ᠺᠠᠳ᠋ᠷᠴᠤᠳ ︽ᠠᠶᠢᠯ ᠡᠷᠦᠬᠡ ᠳᠤ ᠢᠯᠡᠭᠦᠬᠡᠨ ᠣᠴᠢᠵᠤ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠶᠢ ᠪᠠᠷᠢᠮᠲᠠᠯᠠᠵᠤ᠂ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ᠂ ᠨᠢᠭᠤᠷᠳᠠᠨ ᠦᠢᠯᠡᠴᠢᠯᠡᠬᠦ ᠡᠳᠦᠷ ᠤᠨ ᠠᠵᠢᠯᠯᠠᠭ᠎ᠠ ᠥᠷᠨᠢᠭᠦᠯᠬᠦ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠪᠡ᠃ ᠮᠠᠯᠴᠢᠳ ᠤᠨ ᠰᠦᠯᠵᠢᠶᠡᠨ ᠳᠡᠭᠡᠷ᠎ᠡ ᠡᠮᠴᠢᠯᠡᠭᠡᠨ ᠤ ᠳᠠᠭᠠᠳᠬᠠᠯ ᠤᠨ ᠵᠠᠷᠤᠳᠠᠯ ᠲᠤᠰᠢᠶᠠᠬᠤ ᠳᠤ ᠬᠦᠴᠢᠷᠳᠡᠯ ᠣᠷᠣᠰᠢᠵᠤ ᠪᠠᠶᠢᠬᠤ ᠪᠠᠶᠢᠳᠠᠯ ᠳᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ᠂ ᠵᠢᠭᠠᠵᠤ ᠥᠭᠭᠦᠨ᠂ ᠮᠠᠯᠴᠢᠨ ᠨᠢᠭᠡᠪᠦᠷᠢ ᠴᠥᠮ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢᠶᠠᠨ ᠲᠤᠰᠢᠶᠠᠵᠤ ᠳᠡᠶᠢᠯᠬᠦ ᠶᠢ ᠪᠠᠲᠤᠯᠠᠪᠠ᠃ ᠦᠢᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠦᠢᠯᠡᠴᠢᠯᠡᠭᠡᠨ ᠤ ᠬᠤᠶᠠᠷ ᠬᠡᠮᠵᠢᠯᠲᠦ ᠺᠣᠳ᠋ ᠢ ᠲᠠᠷᠬᠠᠭᠠᠵᠤ᠂ ᠨᠡᠶᠢᠲᠡ 100 ᠭᠠᠷᠤᠢ ᠮᠠᠯᠴᠢᠨ ᠡᠷᠦᠬᠡ ᠳᠤ ᠬᠦᠷᠴᠦ ᠪᠠᠶᠢᠳᠠᠯ ᠢ ᠣᠶᠢᠯᠠᠭᠠᠨ᠂ ᠲᠥᠷᠥ ᠶᠢᠨ ᠪᠣᠳᠣᠯᠭ᠎ᠠ ᠪᠣᠯᠣᠨ ᠦᠢᠯᠡᠴᠢᠯᠡᠭᠡ ᠶᠢ ᠮᠠᠯᠴᠢᠨ ᠲᠠᠷᠢᠶᠠᠴᠢᠳ ᠤᠨ ᠭᠡᠷ ᠲᠤᠨᠢ ᠬᠦᠷᠭᠡᠬᠦ ᠶᠢ ᠪᠡᠶᠡᠯᠡᠭᠦᠯᠪᠡ᠃      ᠬᠦᠴᠢᠷ ᠠᠰᠠᠭᠤᠳᠠᠯ ᠢ ᠰᠢᠢᠳᠪᠦᠷᠢᠯᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠰᠡᠳᠬᠢᠯ ᠢ ᠳᠤᠯᠠᠭᠠᠴᠠᠭᠤᠯᠬᠤ ᠪᠣᠳᠠᠲᠤ ᠠᠵᠢᠯ ᠢ ᠰᠠᠶᠢᠲᠤᠷ ᠬᠢᠪᠡ       ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠪᠣᠯᠭᠠᠨ ᠳᠤ ᠰᠢᠢᠳᠪᠦᠷᠢᠯᠡᠬᠦ ᠲᠥᠰᠥᠯ ᠲᠣᠭᠲᠠᠭᠠᠪᠠ᠃ ︽ᠪᠠᠭ᠎ᠠ ᠶᠠᠪᠤᠳᠠᠯ ᠢ ᠲᠦᠷᠭᠡᠨ ᠰᠢᠢᠳᠪᠦᠷᠢᠯᠡᠬᠦ᠂ ᠬᠦᠴᠢᠷ ᠶᠠᠪᠤᠳᠠᠯ ᠢ ᠰᠢᠢᠳᠪᠦᠷᠢᠯᠡᠬᠦ︾ ᠪᠠᠷ ᠵᠠᠷᠴᠢᠮ ᠪᠣᠯᠭᠠᠵᠤ᠂ ᠡᠷᠦᠬᠡ ᠳᠤ ᠬᠦᠷᠴᠦ ᠪᠠᠶᠢᠳᠠᠯ ᠢ ᠨᠠᠷᠢᠨ ᠣᠶᠢᠯᠠᠭᠠᠬᠤ᠂ ᠨᠡᠭᠦᠷᠡᠰᠦᠨ ᠳᠤᠯᠠᠭᠠᠯᠠᠭ᠎ᠠ ᠶᠢ ᠴᠠᠬᠢᠯᠭᠠᠨ ᠪᠣᠯᠭᠠᠵᠤ ᠬᠤᠪᠢᠷᠠᠭᠤᠯᠬᠤ ᠭᠡᠷ᠎ᠡ ᠲᠣᠭᠲᠠᠬᠤ᠂ ᠤᠤᠭᠤᠬᠤ ᠤᠰᠤᠨ ᠤ ᠬᠦᠴᠢᠷᠳᠡᠯᠲᠡᠢ ᠡᠷᠦᠬᠡ ᠶᠢ ᠳᠠᠷᠠᠭᠠᠯᠠᠨ ᠪᠠᠶᠢᠴᠠᠭᠠᠬᠤ᠂ ᠡᠷᠦᠬᠡ ᠳᠠᠷᠠᠭᠠᠯᠠᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠵᠡᠷᠭᠡᠪᠡᠷ ᠥᠷᠨᠢᠭᠦᠯᠬᠦ ᠶᠢᠨ ᠬᠠᠮᠲᠤ 11 ᠶᠠᠪᠤᠳᠠᠯ ᠢ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠪᠡ᠃      ᠭᠠᠴᠠᠭᠠᠨ ᠤ ᠰᠠᠭᠤᠷᠢᠨ ᠭᠠᠵᠠᠷ ᠤᠨ ᠳᠦᠷᠰᠦ ᠪᠠᠶᠢᠳᠠᠯ ᠢ ᠰᠢᠨᠡᠳᠬᠡᠵᠦ᠂ ᠰᠢᠨ᠎ᠡ ᠬᠡᠪ ᠰᠤᠷᠲᠠᠯ ᠢ ᠬᠠᠮᠲᠤᠪᠠᠷ ᠪᠣᠶ ᠪᠣᠯᠭᠠᠪᠠ      ᠳᠣᠷᠣᠭᠰᠢ ᠪᠠᠭᠤᠭᠰᠠᠨ ᠺᠠᠳ᠋ᠷᠴᠤᠳ ᠭᠠᠴᠠᠭ᠎ᠠ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠭᠠᠴᠠᠭᠠᠨ ᠤ ᠲᠡᠦᠬᠡ ᠶᠢ ᠭᠦᠨᠵᠡᠭᠡᠢ ᠣᠶᠢᠯᠠᠭᠠᠨ᠂ ᠥᠷᠭᠡᠨ ᠢᠶᠠᠷ ᠮᠠᠲ᠋ᠧᠷᠢᠶᠠᠯ ᠴᠤᠭᠯᠠᠭᠤᠯᠵᠤ᠂ ᠡᠷᠬᠡᠲᠦ ᠭᠠᠴᠠᠭ᠎ᠠ ᠶᠢᠨ ᠬᠥᠭᠵᠢᠯᠲᠡ ᠶᠢᠨ ᠶᠠᠪᠤᠴᠠ ᠲᠠᠢ ᠤᠶᠠᠯᠳᠤᠭᠤᠯᠤᠨ᠂ ᠳᠡᠯᠭᠡᠨ ᠦᠵᠡᠭᠦᠯᠬᠦ ᠰᠠᠮᠪᠠᠷ᠎ᠠ ᠶᠢᠨ ᠠᠭᠤᠯᠭ᠎ᠠ ᠶᠢ ᠲᠥᠯᠥᠪᠯᠡᠵᠦ᠂ ᠴᠢᠳᠠᠮᠵᠢ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠪᠡ᠃ ᠰᠢᠨ᠎ᠡ ᠪᠠᠷ ᠪᠠᠶᠢᠭᠤᠯᠤᠭᠰᠠᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠣᠮ ᠤᠩᠰᠢᠬᠤ ᠲᠠᠰᠤᠭ᠂ ᠰᠣᠶᠣᠯ ᠤᠨ ᠠᠵᠢᠯᠯᠠᠭᠠᠨ ᠤ ᠲᠠᠰᠤᠭ ᠵᠡᠷᠭᠡ ᠣᠯᠠᠨ ᠴᠢᠳᠠᠮᠵᠢᠲᠤ ᠲᠣᠭᠤᠷᠢᠭ ᠭᠠᠷᠭᠠᠵᠤ᠂ ᠣᠯᠠᠨ ᠲᠦᠮᠡᠨ ᠤ ᠣᠶᠤᠨ ᠤ ᠬᠢᠭᠡᠳ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠮᠡᠳᠡᠯᠭᠡ ᠰᠤᠷᠤᠯᠴᠠᠬᠤ᠂ ᠰᠠᠨᠠᠯ ᠢᠶᠠᠨ ᠰᠣᠯᠢᠯᠴᠠᠬᠤ ᠨᠠᠭᠠᠳᠬᠤ ᠴᠢᠬᠤᠯᠠ ᠲᠠᠯᠠᠪᠤᠷ ᠪᠣᠯᠭᠠᠪᠠ᠃      ᠡᠷᠬᠡᠲᠦ ᠭᠠᠴᠠᠭᠠᠨ ᠤ ᠺᠠᠳ᠋ᠷᠴᠤᠳ ᠮᠠᠯᠴᠢᠨ ᠲᠠᠷᠢᠶᠠᠴᠢᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ᠂ ᠨᠠᠷᠢᠯᠢᠭ ᠮᠥᠷᠲᠡᠭᠡᠨ ᠥᠪᠡᠷᠮᠢᠴᠡ ᠦᠢᠯᠡᠴᠢᠯᠡᠭᠡ ᠪᠠᠷ ᠮᠠᠯᠴᠢᠨ ᠲᠠᠷᠢᠶᠠᠴᠢᠨ ᠤ ᠬᠦᠴᠢᠷᠳᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠮᠠᠯᠴᠢᠨ ᠲᠠᠷᠢᠶᠠᠴᠢᠨ ᠤ ᠭᠡᠷ ᠤᠨ ᠡᠭᠦᠳᠡᠨ ᠳᠤᠨᠢ ᠬᠦᠷᠭᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ