ᠲᠠᠯ᠎ᠠ ᠶᠢᠨ ᠰᠡᠳᠡᠷᠭᠡᠨ᠎ᠡ
ᠨᠡᠶᠢᠲᠡᠯᠡᠭᠰᠡᠨ ᠴᠠᠭ᠄
2025/3/25
      ᠰᠡᠳᠡᠷᠭᠡᠨ᠎ᠡ ᠶᠢᠨ ᠢᠵᠠᠭᠤᠷ᠂ ᠰᠡᠳᠡᠷᠭᠡᠨ᠎ᠡ ᠶᠢᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 6 — 8 ᠳ᠋ᠤᠭᠠᠷ ᠰᠠᠷ᠎ᠠ ᠳᠤ ᠴᠡᠴᠡᠭᠯᠡᠵᠦ᠂ 7 — 9 ᠳ᠋ᠦ᠋ᠭᠡᠷ ᠰᠠᠷ᠎ᠠ ᠳᠤ ᠦᠷᠡᠯᠡᠨ᠎ᠡ᠃      ᠲᠠᠷᠢᠶᠠᠨ ᠤ ᠬᠠᠭᠤᠷᠠᠶᠢᠰᠠᠭ ᠰᠤᠯᠠ ᠡᠪᠡᠰᠦ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃      ᠪᠦᠬᠦᠯᠢ ᠡᠪᠡᠰᠦ ᠶᠢ ᠡᠯ᠎ᠡ ᠲᠥᠷᠥᠯ ᠤᠨ ᠮᠠᠯ ᠪᠦᠷ ᠢᠳᠡᠬᠦ ᠳᠤᠷᠠᠲᠠᠢ᠃ ᠬᠥᠬᠡ ᠦᠶ᠎ᠡ ᠳᠤᠨᠢ ᠬᠤᠨᠢ᠂ ᠲᠡᠮᠡᠭᠡ ᠳᠡᠮᠡᠢ ᠢᠳᠡᠬᠦ ᠦᠭᠡᠢ᠂ ᠬᠠᠲᠠᠭᠰᠠᠨ ᠤ ᠳᠠᠷᠠᠭ᠎ᠠ ᠡᠯ᠎ᠡ ᠲᠥᠷᠥᠯ ᠤᠨ ᠮᠠᠯ ᠲᠡᠵᠢᠭᠡᠪᠦᠷᠢ ᠢᠳᠡᠨ᠎ᠡ᠃ ᠪᠦᠬᠦᠯᠢ ᠡᠪᠡᠰᠦ᠂ ᠴᠡᠴᠡᠭ᠂ ᠦᠨᠳᠦᠰᠦ ᠨᠢ ᠡᠮ ᠳᠤ ᠣᠷᠣᠨ᠎ᠠ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ