3 ᠳ᠋ᠤᠭᠠᠷ ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠵᠤ᠂ | ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠤ ᠬᠤᠸᠠᠢ ᠵᠢᠩ ᠬᠤᠷᠠᠯ ᠡᠷᠭᠢᠯᠡᠪᠡ᠃ | ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠯᠲᠠ ᠬᠢᠬᠦ ᠳᠤ ᠬᠢᠭᠰᠡᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠤᠭᠲᠤ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ︾ ᠭᠡᠬᠦ | ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ︽ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢᠨ ᠲᠥᠰᠥᠯ︾ ᠤᠨ ᠵᠣᠷᠢᠭ ᠰᠠᠨᠠᠭ᠎ᠠ᠂ ᠱᠦᠵᠢ ᠰᠦᠨ ᠱᠣᠸ ᠴᠧᠩ ᠤᠨ | ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠤ ᠡᠯᠡᠰᠦ ᠶᠢ ᠰᠡᠷᠭᠡᠶᠢᠯᠡᠵᠦ ᠵᠠᠰᠠᠬᠤ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ᠂ ᠲᠡᠷᠢᠭᠦᠯᠡᠭᠴᠢ ᠸᠠᠩ ᠯᠢ ᠰᠢᠶᠠ ᠶᠢᠨ ᠣᠷᠳᠣᠰ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠠᠵᠢᠯ ᠤᠨ ᠱᠠᠭᠠᠷᠳᠠᠯᠭ᠎ᠠ ᠪᠣᠯᠣᠨ | ᠪᠥᠬᠦ ᠤᠯᠤᠰ᠂ ᠪᠥᠬᠦ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠳᠡᠭᠡᠷ᠎ᠡ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾᠂ ᠡᠯᠡᠰᠦ ᠶᠢ ᠰᠡᠷᠭᠡᠶᠢᠯᠡᠵᠦ ᠵᠠᠰᠠᠬᠤ | ᠵᠡᠷᠭᠡ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠰᠡᠷᠭᠡᠶᠢᠯᠡᠨ ᠵᠠᠰᠠᠬᠤ ᠶᠢ | ᠤᠶᠠᠯᠳᠤᠭᠤᠯᠬᠤ ᠰᠢᠰᠲ᠋ᠧᠮᠲᠦ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠵᠦ ᠠᠬᠢᠭᠤᠯᠤᠨ᠂ ︽ᠵᠠᠰᠠᠬᠤ︾ ᠬᠢᠭᠡᠳ ︽ᠪᠠᠲᠤᠯᠠᠬᠤ︾ ᠠᠵᠢᠯ ᠢ ᠦᠨᠡᠨᠬᠦ | ᠰᠠᠶᠢᠲᠤᠷ ᠬᠢᠵᠦ᠂ ᠪᠦᠬᠦ ᠵᠢᠯ ᠤᠨ ᠡᠯᠡᠰᠦ ᠶᠢ ᠵᠠᠰᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠣᠭᠤᠮᠲᠠ ᠰᠢᠪᠲᠤᠯᠬᠤ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠨᠢᠳᠤᠨᠤᠨ ᠤ ᠡᠯᠡᠰᠦ ᠶᠢ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠲᠤᠯᠠᠵᠤ᠂ ᠠᠮᠢ ᠠᠬᠤᠢ ᠶᠢᠨ ᠦᠷ᠎ᠡ | ᠠᠰᠢᠭ᠂ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠨ᠂ ᠮᠤᠤᠠᠤᠰᠤ ᠶᠢᠨ ᠡᠯᠡᠰᠦᠷᠬᠡᠭ | ᠭᠠᠵᠠᠷ ᠢ ᠵᠠᠰᠠᠬᠤ ᠠᠵᠢᠯ ᠳᠤ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠵᠠᠰᠠᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠭᠤᠣᠯ | ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠷᠮᠠᠶᠢᠵᠤ ᠣᠯᠣᠭᠰᠠᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠨᠢᠮᠪᠠᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ᠂ ᠬᠡᠷᠡᠭᠯᠡᠭᠡ ᠶᠢ ᠬᠥᠭᠵᠢᠭᠡᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠤᠨ᠂ ︽ᠲᠤᠭ᠎ᠠ︾ ᠪᠠᠷ ︽ᠦᠨ᠎ᠡ︾᠂ ︽ᠰᠢᠨ᠎ᠡ︾ ᠪᠠᠷ ︽ | ᠬᠠᠭᠤᠴᠢᠨ︾ ᠂ ︽ᠨᠡᠮᠡᠭᠳᠡᠯ︾ ᠢᠶᠠᠷ ︽ᠬᠠᠳᠠᠭᠠᠯᠠᠯᠲᠠ︾ ᠶᠢ ᠨᠥᠬᠦᠪᠦᠷᠢᠯᠡᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ | ᠨᠡᠮᠡᠭᠳᠡᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠰᠢᠶᠠᠨ ᠤ ᠲᠡᠰ ᠤᠨ ᠤᠳᠤᠷᠢᠳᠤᠯᠭ᠎ᠠ ᠶᠢᠨ ᠬᠤᠯᠪᠣᠭᠠᠯᠠᠨ ᠳᠠᠭᠠᠭᠠᠴᠢᠯᠠᠵᠤ ᠦᠢᠯᠡᠴᠢᠯᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠩᠭ᠎ᠠ ᠪᠠᠶᠢᠬᠤ ᠶᠢ ᠪᠠᠷᠢᠮᠲᠠᠯᠠᠨ᠂ ᠣᠯᠠᠨ ᠲᠦᠮᠡᠨ ᠣᠯᠣᠯᠲᠠ ᠲᠠᠢ ᠪᠠᠶᠢᠬᠤ ᠶᠢ | ᠳᠣᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠤᠶᠠᠯᠳᠤᠭᠤᠯᠬᠤ ᠶᠢ ᠴᠢᠩᠭᠠᠳᠬᠠᠨ᠂ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠨᠠᠩ | ᠡᠷᠡᠰ ᠬᠠᠲᠠᠭᠤ ᠣᠪᠣᠷ ᠪᠣᠯᠣᠨ ᠴᠢᠩᠭ᠎ᠠ ᠪᠣᠳᠠᠲᠠᠢ ᠰᠤᠷᠲᠠᠯ ᠢᠶᠠᠷ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠶᠢᠯᠪᠤᠷᠢᠲᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠥᠬᠦ ᠬᠤᠰᠢᠭᠤᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠦᠵᠡᠯ ᠲᠠᠨᠢᠯᠲᠠ ᠪᠠᠨ ᠭᠦᠨᠵᠡᠭᠡᠶᠢᠷᠡᠭᠦᠯᠦᠨ᠂ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠳᠤ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠣᠷᠴᠢᠨ ᠢ ᠪᠣᠶ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | | |