ᠨᠤᠲᠤᠭ ᠪᠡᠯᠴᠢᠭᠡᠷ ᠢ ᠬᠠᠮᠠᠭᠠᠯᠠᠬᠤ ᠪᠠ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠬᠠᠤᠯᠢ | ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠴᠦ᠂ ᠮᠠᠯᠴᠢᠨ ᠲᠠᠷᠢᠶᠠᠴᠢᠨ ᠤ ᠣᠷᠣᠰᠢᠨ ᠠᠮᠢᠳᠤᠷᠠᠵᠤ ᠪᠠᠶᠢᠭ᠎ᠠ ᠨᠤᠲᠤᠭ ᠪᠡᠯᠴᠢᠭᠡᠷ ᠢ | ᠦᠨᠡᠨᠬᠦ ᠰᠠᠶᠢᠲᠤᠷ ᠬᠠᠮᠠᠭᠠᠯᠠᠬᠤ ᠶᠢᠨ ᠲᠤᠰᠠᠳᠠ᠂ ᠤᠯᠠᠭᠠᠨᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ︽ᠭᠤᠷᠪᠠᠨ | ᠵᠦᠢᠯ ᠤᠨ ᠠᠷᠭ᠎ᠠ ᠬᠡᠮᠵᠢᠶ᠎ᠡ︾ ᠳᠤ ᠲᠦᠰᠢᠭᠯᠡᠨ᠂ ᠦᠷᠭᠦᠯᠵᠢᠯᠡᠨ ᠠᠵᠢᠯᠯᠠᠵᠤ᠂ ᠨᠠᠷᠢᠯᠢᠭ ᠣᠨᠣᠪᠴᠢᠲᠠᠢ ᠬᠦᠴᠦᠯᠡᠨ᠂ 2025 ᠣᠨ ᠤ ᠳᠠᠭᠠᠭᠤᠯᠢ ᠣᠳᠣᠨ ᠤ | ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠲᠦᠷᠭᠡᠨ ᠠᠬᠢᠭᠤᠯᠪᠠ᠃ | ᠨᠢᠭᠡᠳᠦᠯᠲᠡᠢ ᠪᠠᠶᠢᠷᠢᠯᠠᠭᠤᠯᠵᠤ᠂ ᠨᠠᠷᠢᠯᠢᠭ ᠵᠠᠳᠠᠯᠤᠯᠲᠠ ᠬᠢᠪᠡ᠃ ᠤᠯᠠᠭᠠᠨᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠵᠢᠷᠤᠭ ᠲᠣᠯᠪᠤ ᠶᠢᠨ | ᠠᠵᠢᠯ ᠢ ᠴᠢᠬᠤᠯᠠᠴᠢᠯᠠᠨ ᠦᠵᠡᠵᠦ᠂ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠤᠨ ᠪᠠᠶᠢᠷᠢᠯᠠᠭᠤᠯᠤᠯᠲᠠ ᠬᠢᠪᠡ᠃ ᠬᠠᠤᠯᠢ ᠬᠡᠷᠡᠭᠵᠢᠭᠦᠯᠬᠦ | ᠠᠩᠭᠢ ᠶᠢᠨ ᠬᠢᠨ ᠵᠢᠷᠤᠭ ᠲᠣᠯᠪᠤ ᠶᠢᠨ ᠲᠤᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠳᠤ ᠬᠦᠴᠢᠷ ᠬᠢᠯᠪᠠᠷ ᠤᠨ ᠬᠡᠮᠵᠢᠶ᠎ᠡ ᠵᠡᠷᠭᠡ ᠪᠠᠶᠢᠳᠠᠯ ᠲᠠᠢ ᠤᠶᠠᠯᠳᠤᠭᠤᠯᠤᠨ᠂ | ᠪᠦᠬᠦ ᠪᠠᠯᠭᠠᠰᠤᠨ ᠤ 15 ᠭᠠᠴᠠᠭ᠎ᠠ ᠲᠣᠰᠬᠤᠨ ᠢ 8 ᠳᠤᠭᠤᠶᠢᠯᠠᠩ ᠬᠤᠪᠢᠶᠠᠵᠤ᠂ ᠬᠠᠤᠯᠢ ᠬᠡᠷᠡᠭᠵᠢᠭᠦᠯᠬᠦ ᠠᠵᠢᠯᠲᠠᠨ ᠬᠢᠭᠡᠳ ᠡᠷᠦᠬᠡ ᠶᠢ ᠳᠠᠭᠠᠭᠠᠴᠢᠯᠠᠭᠰᠠᠨ ᠺᠠᠳ᠋ᠷ᠂ | ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠲᠠᠢ ᠬᠠᠮᠲᠤᠷᠠᠨ ᠡᠷᠦᠬᠡ ᠳᠤ ᠬᠦᠷᠴᠦ ᠬᠤᠯᠪᠣᠭᠳᠠᠭᠰᠠᠨ ᠵᠢᠷᠤᠭ ᠲᠣᠯᠪᠤ ᠶᠢ ᠨᠢᠭᠡᠳ ᠨᠢᠭᠡ ᠪᠠᠷ ᠲᠤᠬᠠᠢ ᠶᠢᠨ ᠭᠠᠵᠠᠷ | ᠲᠤᠨᠢ ᠬᠠᠷᠭᠤᠭᠤᠯᠤᠨ ᠪᠠᠶᠢᠴᠠᠭᠠᠵᠤ᠂ ᠵᠢᠷᠤᠭ ᠲᠣᠯᠪᠤ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠲᠡᠮᠳᠡᠭᠯᠡᠨ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠢᠨᠠᠯᠲᠠ ᠬᠠᠮᠢᠶᠠᠷᠤᠯᠲᠠ ᠶᠢᠨ APP ᠳᠡᠭᠡᠷ᠎ᠡ ᠴᠠᠭ ᠲᠤᠬᠠᠢ ᠳᠤᠨᠢ ᠳᠠᠮᠵᠢᠭᠤᠯᠬᠤ ᠶᠢᠨ ᠬᠠᠮᠲᠤ ᠵᠢᠷᠤᠭ ᠲᠣᠯᠪᠤ ᠶᠢᠨ ᠥᠮᠴᠢᠯᠡᠭᠴᠢ ᠲᠠᠢ ᠬᠠᠷᠢᠯᠴᠠᠵᠤ᠂ ᠲᠡᠳᠡᠨ ᠳᠤ | ᠬᠠᠤᠯᠢ ᠲᠦᠭᠡᠮᠡᠯᠵᠢᠭᠦᠯᠬᠦ ᠬᠥᠮᠦᠵᠢᠯ ᠬᠢᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠤᠯᠤᠨ᠂ ᠴᠡᠭᠴᠡᠯᠡᠨ | ᠰᠠᠶᠢᠵᠢᠷᠠᠭᠤᠯᠬᠤ ᠬᠤᠭᠤᠴᠠᠭ᠎ᠠ ᠴᠠᠭ ᠤᠨ ᠬᠢᠵᠠᠭᠠᠷ ᠬᠢᠭᠡᠳ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠲᠣᠭᠲᠠᠭᠠᠪᠠ᠃ | ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠤᠯᠠᠭᠠᠨᠪᠠᠯᠭᠠᠰᠤᠨ ᠤ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ ᠳᠠᠷᠠᠭᠠᠯᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠵᠡᠷᠭᠡᠪᠡᠷ ᠨᠢᠭᠡᠨᠲᠡ ᠰᠡᠷᠭᠦᠭᠡᠭᠰᠡᠨ ᠵᠢᠷᠤᠭ | ᠲᠣᠯᠪᠤ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠲᠤᠭ᠎ᠠ ᠤᠳᠠᠭ᠎ᠠ ᠪᠠᠨ ᠨᠡᠮᠡᠭᠳᠡᠭᠦᠯᠵᠦ᠂ ᠳᠠᠬᠢᠨ ᠬᠠᠭᠠᠯᠪᠤᠷᠢᠯᠠᠬᠤ ᠦᠵᠡᠭᠳᠡᠯ ᠭᠠᠷᠬᠤ ᠶᠢ ᠡᠷᠡᠰ | ᠬᠤᠷᠢᠭᠯᠠᠪᠠ᠃ ᠡᠭᠦᠨ ᠤ ᠳᠠᠭᠠᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠲᠠᠢ | ᠬᠠᠷᠢᠴᠠᠭᠤᠯᠤᠨ᠂ ᠬᠠᠤᠯᠢ ᠬᠡᠷᠡᠭᠵᠢᠭᠦᠯᠬᠦ ᠠᠩᠭᠢ ᠶᠢᠨ ᠠᠵᠢᠯᠲᠠᠳ 314 ᠵᠢᠷᠤᠭ ᠲᠣᠯᠪᠤ ᠶᠢ ᠳᠠᠬᠢᠨ ᠪᠠᠶᠢᠴᠠᠭᠠᠵᠤ ᠦᠵᠡᠨ᠂ ᠰᠠᠶᠢᠲᠤᠷ ᠴᠡᠭᠴᠡᠯᠡᠭᠰᠡᠨ ᠦᠭᠡᠢ | ᠵᠢᠷᠤᠭ ᠲᠣᠯᠪᠤ ᠶᠢ ᠱᠠᠭᠠᠷᠳᠠᠨ ᠴᠡᠭᠴᠡᠯᠡᠨ ᠰᠠᠶᠢᠵᠢᠷᠠᠭᠤᠯᠵᠤ᠂ 145250 ᠬᠠᠷᠭᠠᠨ᠎ᠠ ᠶᠢ ᠨᠥᠬᠦᠵᠦ ᠲᠠᠷᠢᠭᠤᠯᠪᠠ᠃ ᠳᠠᠪᠬᠤᠷᠳᠠᠭᠤᠯᠤᠨ ᠪᠠᠶᠢᠴᠠᠭᠠᠬᠤ ᠤᠳᠠᠭ᠎ᠠ ᠶᠢ | ᠪᠠᠭᠠᠰᠬᠠᠬᠤ ᠶᠢᠨ ᠲᠥᠯᠥᠭᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠳᠤ ᠨᠢᠭᠤᠴᠠ ᠪᠠᠷ ᠪᠡᠯᠴᠢᠭᠡᠷᠯᠡᠭᠦᠯᠬᠦ ᠵᠡᠷᠭᠡ ᠪᠠᠶᠢᠴᠠᠭᠠᠬᠤ ᠵᠦᠢᠯᠡᠰ ᠢ ᠵᠡᠷᠭᠡᠪᠡᠷ ᠶᠠᠪᠤᠭᠳᠠᠭᠤᠯᠤᠨ᠂ ᠣᠲᠣ ᠪᠣᠯᠲᠠᠯ᠎ᠠ | ᠨᠡᠶᠢᠲᠡ 4 ᠬᠡᠷᠡᠭ ᠢ ᠰᠢᠢᠳᠪᠦᠷᠢᠯᠡᠨ᠂ 6600 ᠲᠥᠭᠦᠷᠢᠭ ᠵᠣᠭᠤᠰ ᠢᠶᠠᠷ ᠲᠣᠷᠭᠠᠪᠠ᠃ | ᠤᠬᠠᠭᠤᠯᠭ᠎ᠠ ᠶᠢ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠠᠳᠬᠤᠪᠠ᠃ ᠸᠢᠴᠠᠲ ᠤᠨ ᠨᠡᠶᠢᠲᠡ ᠶᠢᠨ ᠳ᠋ᠤᠭᠠᠷ ᠪᠣᠯᠣᠨ ᠡᠯ᠎ᠡ | ᠲᠥᠷᠥᠯ ᠤᠨ ᠸᠢᠴᠠᠲ ᠤᠨ ᠬᠤᠯᠪᠣᠭ᠎ᠠ ᠪᠠᠷ ᠳᠠᠮᠵᠢᠭᠤᠯᠬᠤ᠂ ᠤᠷᠢᠶ᠎ᠠ ᠯᠣᠽᠦ᠋ᠩ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠡᠷᠦᠬᠡ ᠳᠤ ᠬᠦᠷᠴᠦ ᠤᠬᠠᠭᠤᠯᠤᠨ | ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠤᠲᠤᠭ ᠪᠡᠯᠴᠢᠭᠡᠷ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠶᠠᠷᠢᠶ᠎ᠠ | ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢ ᠬᠠᠮᠠᠭᠠᠯᠠᠬᠤ | ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ ᠣᠳᠣᠬᠠᠨ ᠳᠤ ᠶᠠᠭ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ | ᠲᠥᠷᠥ ᠶᠢᠨ ᠪᠣᠳᠣᠯᠭ᠎ᠠ ᠶᠢ ᠡᠷᠦᠬᠡ ᠳᠤ ᠬᠦᠷᠴᠦ ᠤᠬᠠᠭᠤᠯᠵᠤ ᠪᠣᠢ᠂ ᠨᠢᠭᠡᠨᠲᠡ 370 ᠡᠷᠦᠬᠡ ᠳᠤ ᠬᠦᠷᠴᠦ ᠤᠬᠠᠭᠤᠯᠤᠭᠠᠳ ᠨᠤᠲᠤᠭ ᠪᠡᠯᠴᠢᠭᠡᠷ ᠤᠨ ᠳᠠᠭᠠᠭᠤᠯᠢ | ᠣᠳᠣᠨ ᠤ ᠵᠢᠷᠤᠭ ᠲᠣᠯᠪᠤ ᠳᠤ ᠬᠦᠴᠦᠲᠡᠢ ᠴᠣᠬᠢᠯᠲᠠ ᠥᠭᠬᠦ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ᠃ ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠡᠰ ᠴᠢᠩᠭ᠎ᠠ | ᠲᠥᠪ ᠭᠤᠥᠯᠴᠢ ᠪᠠᠷ ᠬᠠᠤᠯᠢ ᠶᠢ ᠬᠡᠷᠡᠭᠵᠢᠭᠦᠯᠦᠨ᠂ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠬᠠᠷᠭᠤᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠢᠳᠡᠪᠬᠢᠲᠡᠢ ᠠᠬᠢᠭᠤᠯᠤᠨ᠎ᠠ᠃ | | | |