ᠠᠷᠪᠠᠰ ᠰᠤᠮᠤ ︽ᠭᠤᠷᠪᠠ ᠶᠢ ᠪᠡᠶᠡᠯᠡᠭᠦᠯᠬᠦ︾ ᠠᠷᠭ᠎ᠠ ᠬᠡᠮᠵᠢᠶ᠎ᠡ ᠪᠠᠷ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢᠨ ᠲᠤᠰᠬᠠᠢ ᠴᠡᠭᠴᠡᠯᠡᠯᠲᠡ ᠶᠢ ᠠᠬᠢᠭᠤᠯᠤᠨ ᠪᠣᠳᠠᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2025/3/27
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠠᠯᠤᠰ ᠬᠡᠲᠦ ᠶᠢᠨ ᠠᠰᠢᠭ ᠲᠤᠰᠠ ᠶᠢ ᠬᠠᠮᠠᠭᠠᠯᠠᠨ᠂ ᠲᠠᠷᠢᠶᠠᠨ ᠭᠠᠵᠠᠷ ᠤᠨ ᠬᠠᠮᠠᠭᠠᠯᠠᠯᠲᠠ ᠵᠢᠴᠢ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠤᠯᠢ ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠳᠤ ᠴᠣᠬᠢᠯᠲᠠ ᠥᠭᠭᠦᠨ᠂ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠤᠰᠠᠳᠠ᠂ ᠠᠷᠪᠠᠰ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠴᠠᠭᠠᠵᠠᠯᠠᠵᠤ ᠨᠢᠭᠡ ᠶᠢ ᠲᠡᠩᠴᠡᠭᠦᠷᠢᠲᠡᠢ ᠪᠠᠶᠢᠯᠭᠠᠬᠤ︾ ᠠᠵᠢᠯ ᠢ ᠯᠠᠪᠳᠠᠭᠤᠨ ᠠᠬᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠠᠵᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ︽ᠭᠤᠷᠪᠠ ᠶᠢ ᠪᠡᠶᠡᠯᠡᠭᠦᠯᠬᠦ︾ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠤᠨ ᠡᠬᠢ ᠪᠠᠶᠠᠯᠢᠭ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ ᠪᠠᠬᠢᠵᠢᠭᠦᠯᠦᠨ᠂ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠪᠡ᠃      ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ       ᠠᠷᠪᠠᠰ ᠰᠤᠮᠤ ᠪᠦᠬᠦᠯᠢ ᠴᠣᠭᠴᠠ ᠶᠢᠨ ᠦᠵᠡᠯ ᠰᠠᠨᠠᠭ᠎ᠠ ᠶᠢ ᠪᠠᠲᠤ ᠪᠦᠷᠢᠯᠳᠦᠭᠦᠯᠵᠦ᠂ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠴᠠᠭ᠎ᠠ ᠪᠠᠷ ᠨᠢᠭᠡᠴᠢ ᠪᠣᠯᠭᠠᠨ ᠠᠵᠢᠯ ᠤᠨ ᠠᠬᠢᠴᠠ ᠶᠢᠨ ᠪᠠᠶᠢᠳᠠᠯ ᠢ ᠨᠢᠭᠡᠳ ᠨᠢᠭᠡ ᠪᠠᠷ ᠲᠣᠬᠢᠷᠠᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠬᠤ᠂ ᠠᠬᠢᠭᠤᠯᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠰᠠᠭᠤᠳᠠᠯ ᠢ ᠵᠠᠳᠠᠯᠵᠤ᠂ ᠠᠷᠭ᠎ᠠ ᠬᠡᠮᠵᠢᠶ᠎ᠡ ᠶᠢ ᠰᠤᠳᠤᠯᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠭᠠᠴᠠᠭᠠᠨ ᠤ ︽ᠬᠤᠶᠠᠷ ᠵᠥᠪᠯᠡᠯ︾᠂ ᠬᠡᠰᠡᠭ ᠢᠶᠠᠷ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ᠂ ᠬᠥᠳᠡᠭᠡ ᠪᠠᠭᠤᠭᠰᠠᠨ ᠺᠠᠳ᠋ᠷ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠨᠠᠮ ᠤᠨ ᠭᠡᠰᠢᠭᠦᠨ ᠲᠥᠯᠥᠭᠡᠯᠡᠭᠴᠢ᠂ ᠭᠠᠴᠠᠭᠠᠨ ᠤ ᠠᠷᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠮᠠᠯᠴᠢᠨ ᠲᠠᠷᠢᠶᠠᠴᠢᠨ ᠳᠤ ᠭᠦᠨᠵᠡᠭᠡᠢ ᠲᠠᠶᠢᠯᠪᠤᠷᠢᠯᠠᠪᠠ᠃ ︽ᠤᠳᠤᠷᠢᠳᠤᠯᠭ᠎ᠠ ᠬᠡᠰᠡᠭ ᠭᠠᠵᠠᠷ ᠢ ᠳᠠᠭᠠᠭᠠᠴᠢᠯᠠᠬᠤ᠂ ᠺᠠᠳ᠋ᠷᠴᠤᠳ ᠭᠠᠴᠠᠭ᠎ᠠ ᠲᠣᠰᠬᠤᠨ ᠢ ᠳᠠᠭᠠᠭᠠᠴᠢᠯᠠᠬᠤ᠂ ᠣᠶ ᠰᠢᠭᠤᠢ ᠬᠠᠮᠠᠭᠠᠯᠠᠭᠴᠢ ᠡᠷᠦᠬᠡ ᠶᠢ ᠳᠠᠭᠠᠭᠠᠴᠢᠯᠠᠬᠤ︾ ᠬᠤᠯᠪᠣᠭᠠᠯᠠᠨ ᠳᠠᠭᠠᠭᠠᠴᠢᠯᠠᠬᠤ ᠠᠵᠢᠯ ᠤᠨ ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠬᠥᠮᠥᠨ ᠪᠠ ᠠᠵᠢᠯ ᠤᠨ ᠪᠠᠶᠢᠷᠢ ᠳᠤ ᠬᠦᠷᠲᠡᠯ᠎ᠡ ᠨᠠᠷᠢᠨ ᠬᠤᠪᠢᠶᠠᠷᠢᠯᠠᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠴᠢᠭᠯᠡᠯᠲᠡ ᠴᠢᠨᠠᠷᠲᠠᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠳᠤᠷᠠᠳᠤᠨ᠂ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠪᠠ᠃      ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ      ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠪᠠ᠃ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠤᠬᠠᠭᠤᠯᠭ᠎ᠠ ᠶᠢ ᠵᠡᠷᠭᠡᠪᠡᠷ ᠥᠷᠨᠢᠭᠦᠯᠵᠦ᠂ ᠭᠠᠴᠠᠭᠠᠨ ᠤ ᠸᠢᠴᠠᠲ ᠤᠨ ᠬᠤᠯᠪᠣᠭ᠎ᠠ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ ᠰᠦᠯᠵᠢᠶᠡᠨ ᠳᠡᠭᠡᠷᠡᠬᠢ ᠤᠬᠠᠭᠤᠯᠭ᠎ᠠ ᠶᠢ ᠴᠢᠩᠭᠠᠳᠬᠠᠵᠤ᠂ ︽ᠬᠡᠰᠡᠭ ᠭᠠᠵᠠᠷ ᠢ ᠳᠠᠭᠠᠭᠠᠴᠢᠯᠠᠭᠰᠠᠨ ᠤᠳᠤᠷᠢᠳᠤᠯᠭ᠎ᠠ + ᠬᠥᠳᠡᠭᠡ ᠪᠠᠭᠤᠭᠰᠠᠨ ᠺᠠᠳ᠋ᠷ + ᠭᠠᠴᠠᠭᠠᠨ ᠤ ︿ᠬᠤᠶᠠᠷ ᠵᠥᠪᠯᠡᠯ﹀︾ ᠤᠨ ᠬᠢᠨ ᠮᠠᠯᠵᠢᠬᠤ ᠲᠠᠷᠢᠶᠠᠯᠠᠬᠤ ᠡᠷᠦᠬᠡ ᠳᠤ ᠭᠦᠨᠵᠡᠭᠡᠶᠢᠷᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠬᠠᠭᠤᠯᠭ᠎ᠠ ᠬᠢᠵᠦ᠂ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠣᠯᠠᠨ ᠲᠦᠮᠡᠨ ᠳᠤ ᠲᠠᠷᠢᠶᠠᠨ ᠭᠠᠵᠠᠷ ᠵᠢᠴᠢ ᠨᠤᠲᠤᠭ ᠪᠡᠯᠴᠢᠭᠡᠷ ᠣᠶᠢᠲᠤ ᠭᠠᠵᠠᠷ ᠢ ᠬᠠᠮᠠᠭᠠᠯᠠᠬᠤ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠨᠠᠷᠢᠨ ᠲᠠᠶᠢᠯᠪᠤᠷᠢᠯᠠᠨ᠂ ᠮᠠᠯᠴᠢᠨ ᠲᠠᠷᠢᠶᠠᠴᠢᠨ ᠯᠤᠭ᠎ᠠ ︽ᠣᠷᠳᠣᠰ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠵᠡᠷᠭᠡ ᠣᠶᠢᠲᠤ ᠭᠠᠵᠠᠷ ᠨᠤᠲᠤᠭ ᠪᠡᠯᠴᠢᠭᠡᠷ ᠤᠨ ᠲᠥᠷᠥ ᠶᠢᠨ ᠪᠣᠳᠣᠯᠭ᠎ᠠ ᠶᠢᠨ ᠮᠡᠳᠡᠭᠳᠡᠬᠦ ᠪᠢᠴᠢᠭ︾ ᠲᠤ ᠭᠠᠷ ᠤᠨ ᠥᠰᠥᠭ ᠵᠢᠷᠤᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠬᠠᠤᠯᠢ ᠵᠥᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ︽ᠬᠠᠭᠠᠯᠪᠤᠷᠢᠯᠠᠬᠤ ᠵᠣᠷᠢᠭ ᠦᠭᠡᠢ᠂ ᠬᠠᠭᠠᠯᠪᠤᠷᠢᠯᠠᠬᠤ ᠳᠤᠷ᠎ᠠ ᠦᠭᠡᠢ︾ ᠪᠠᠶᠢᠬᠤ ᠤᠬᠠᠮᠰᠠᠷ ᠢ ᠨᠢ ᠴᠢᠩᠭᠠᠳᠬᠠᠪᠠ᠃       ᠠᠵᠢᠯ ᠤᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠪᠡ       ᠠᠰᠠᠭᠤᠳᠠᠯ ᠲᠠᠢ ᠵᠢᠷᠤᠭ ᠲᠣᠯᠪᠤ ᠶᠢ ᠪᠦᠬᠦ ᠲᠠᠯ᠎ᠠ ᠪᠠᠷ ᠡᠮᠬᠢᠯᠡᠵᠦ᠂ ᠨᠢᠭᠡ ᠡᠷᠦᠬᠡ ᠳᠤ ᠨᠢᠭᠡ ᠵᠢᠷᠤᠭ ᠵᠢᠷᠤᠵᠤ ᠨᠢᠭᠡ ᠮᠡᠳᠡᠭᠳᠡᠬᠦ ᠪᠢᠴᠢᠭ ᠪᠠᠭᠤᠯᠭᠠᠬᠤ ᠬᠡᠯᠪᠡᠷᠢ ᠪᠠᠷ ᠳᠠᠮᠵᠢᠭᠤᠯᠤᠨ᠂ ᠵᠢᠷᠤᠭ ᠲᠣᠯᠪᠤ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠲᠤᠬᠠᠢ ᠶᠢᠨ ᠭᠠᠵᠠᠷ ᠲᠤᠨᠢ ᠴᠡᠭ ᠲᠣᠭᠲᠠᠭᠠᠨ᠂ ᠵᠢᠷᠤᠭ ᠲᠣᠯᠪᠤ ᠶᠢᠨ ᠪᠠᠶᠢᠷᠢ ᠶᠢ ᠲᠣᠳᠣᠷᠬᠠᠶᠢᠯᠠᠵᠤ᠂ ︽ᠬᠠᠤᠯᠢ ᠲᠣᠭᠲᠠᠭᠠᠯ ᠵᠥᠷᠢᠴᠡᠨ ᠠᠲᠠᠷ ᠬᠠᠭᠠᠯᠪᠤᠷᠢᠯᠠᠬᠤ ᠵᠢᠴᠢ ᠭᠠᠵᠠᠷ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠠᠷᠪᠠᠰ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ᠶᠣᠰᠣᠭᠠᠷ᠂ ᠬᠠᠤᠯᠢ ᠲᠣᠭᠲᠠᠭᠠᠯ ᠵᠥᠷᠢᠴᠡᠨ ᠬᠠᠭᠠᠯᠪᠤᠷᠢᠯᠠᠭᠰᠠᠨ ᠭᠠᠵᠠᠷ ᠰᠢᠷᠣᠢ ᠶᠢᠨ ᠤᠰᠤᠯᠠᠯᠲᠠ ᠳᠤ ᠬᠡᠷᠡᠭᠯᠡᠬᠦ ᠬᠦᠴᠦᠳᠡᠯ ᠥᠭᠡᠷᠡᠴᠢᠯᠡᠭᠴᠢ᠂ ᠮᠠᠰᠢᠨ ᠴᠠᠬᠢᠯᠭᠠᠨ ᠬᠤᠳᠳᠤᠭ ᠵᠡᠷᠭᠡ ᠬᠠᠮᠢᠶ᠎ᠠ ᠪᠦᠬᠦᠢ ᠲᠥᠬᠦᠭᠡᠷᠦᠮᠵᠢ ᠶᠢ ᠲᠡᠮᠳᠡᠭᠯᠡᠨ ᠳᠠᠩᠰᠠᠯᠠᠵᠤ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠤᠮᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠯᠪᠠᠨ ᠭᠡᠷ ᠠᠴᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠣᠯᠣᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠵᠢᠷᠤᠭ ᠲᠣᠯᠪᠤ ᠳᠤ ᠬᠤᠯᠪᠣᠭᠳᠠᠭᠰᠠᠨ ᠮᠠᠯᠴᠢᠨ ᠲᠠᠷᠢᠶᠠᠴᠢᠨ ᠢ ᠲᠤᠬᠠᠢ ᠶᠢᠨ ᠭᠠᠵᠠᠷ ᠲᠤᠨᠢ ᠱᠠᠭᠠᠷᠳᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠵᠦ᠂ ᠲᠤᠰᠬᠠᠢ ᠠᠵᠢᠯᠲᠠᠨ ᠲᠣᠮᠢᠯᠠᠨ ᠳᠠᠬᠢᠨ ᠬᠢᠨᠠᠵᠤ ᠪᠠᠶᠢᠴᠠᠭᠠᠯᠭᠠᠨ᠂ ᠬᠠᠤᠯᠢ ᠲᠣᠭᠲᠠᠭᠠᠯ ᠵᠥᠷᠢᠴᠡᠨ ᠠᠲᠠᠷ ᠬᠠᠭᠠᠯᠪᠤᠷᠢᠯᠠᠬᠤ᠂ ᠵᠢᠷᠤᠭ ᠲᠣᠯᠪᠤ ᠳᠣᠲᠣᠷᠠᠬᠢ ᠭᠠᠵᠠᠷ ᠢ ᠳᠠᠬᠢᠨ ᠬᠠᠭᠠᠯᠪᠤᠷᠢᠯᠠᠬᠤ ᠵᠡᠷᠭᠡ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠵᠥᠷᠢᠴᠡᠬᠦ ᠰᠢᠨ᠎ᠡ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠠᠰᠠᠭᠤᠳᠠᠯ ᠲᠠᠢ ᠵᠢᠷᠤᠭ ᠲᠣᠯᠪᠤ ᠶᠢ ᠲᠤᠰᠬᠠᠢ ᠴᠡᠭᠴᠡᠯᠡᠨ ᠰᠠᠶᠢᠵᠢᠷᠠᠭᠤᠯᠤᠭᠰᠠᠨ ᠢ ᠨᠢ ᠳᠠᠩᠰᠠᠨ ᠠᠴᠠ ᠭᠠᠷᠭᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠴᠡᠭᠴᠡᠯᠡᠨ ᠵᠠᠰᠠᠬᠤ ᠴᠢᠳᠠᠪᠬᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ᠂ ᠪᠠᠶᠢᠩᠭᠤ ᠲᠣᠭᠤᠷᠢᠨ ᠪᠠᠶᠢᠴᠠᠭᠠᠵᠤ᠂ ᠠᠰᠠᠭᠤᠳᠠᠯ ᠤᠨ ᠳᠠᠬᠢᠨ ᠡᠭᠦᠰᠬᠦ ᠠᠴᠠ ᠰᠡᠷᠭᠡᠶᠢᠯᠡᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠪᠡ᠃      ᠳᠠᠷᠠᠭᠠᠴᠢ ᠶᠢᠨ ᠠᠯᠬᠤᠮ ᠳᠤ᠂ ᠠᠷᠪᠠᠰ ᠰᠤᠮᠤ ᠦᠷᠭᠦᠯᠵᠢᠯᠡᠨ ᠴᠢᠷᠮᠠᠶᠢᠨ ᠠᠵᠢᠯᠯᠠᠵᠤ᠂ ᠤᠨᠢᠨ ᠳᠡᠭᠡᠷ᠎ᠡ ᠨᠢ ᠬᠦᠴᠦᠯᠡᠨ᠂ ᠴᠢᠩᠭ᠎ᠠ ᠠᠵᠢᠯ ᠤᠨ ᠰᠤᠷᠲᠠᠯ᠂ ᠪᠣᠳᠠᠲᠠᠢ ᠠᠵᠢᠯᠯᠠᠬᠤ ᠠᠷᠭ᠎ᠠ ᠪᠠᠷ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠡᠭᠦᠷᠭᠡ ᠶᠢ ᠦᠨᠡᠨᠬᠦ ᠪᠡᠶᠡᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠵᠢᠷᠤᠭ ᠲᠣᠯᠪᠤ ᠶᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠰᠤᠮᠤᠨ ᠤ ᠠᠵᠤ ᠠᠬᠤᠢ ᠨᠡᠶᠢᠭᠡᠮ ᠬᠢᠭᠡᠳ ᠠᠮᠢ ᠠᠬᠤᠢ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ