ᠤᠯᠠᠭᠠᠨᠪᠠᠯᠭᠠᠰᠤᠨ ᠤ ᠴᠠᠭᠠᠨᠨᠠᠭᠤᠷ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠨᠡᠬᠡᠮᠡᠯ ᠤᠨ ᠤᠭᠤᠲᠠ ᠶᠢᠨ ᠦᠢᠯᠡᠳᠪᠦᠷᠢᠯᠡᠯ ᠤᠨ ᠲᠠᠰᠤᠭ ᠠᠩᠬᠠᠨ ᠤ ᠵᠠᠬᠢᠶᠠᠯᠠᠭ᠎ᠠ ᠪᠠᠨ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2025/3/27
      ᠬᠠᠪᠤᠷ ᠤᠨ ᠤᠷᠢᠬᠠᠨ ᠰᠠᠯᠬᠢ ᠢᠯᠪᠢᠬᠦ ᠳᠤ ᠲᠦᠮᠡᠨ ᠪᠣᠳᠠᠰ ᠠᠮᠢᠯᠠᠨ᠎ᠠ᠃ ᠣᠶᠢᠷ᠎ᠠ ᠳᠤ᠂ ᠤᠯᠠᠭᠠᠨᠪᠠᠯᠭᠠᠰᠤᠨ ᠤ ᠴᠠᠭᠠᠨᠨᠠᠭᠤᠷ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠨᠡᠬᠡᠮᠡᠯ ᠤᠨ ᠤᠭᠤᠲᠠ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ ᠲᠤ ᠠᠵᠢᠯᠲᠠᠳ ᠮᠠᠨᠢ ᠶᠠᠭᠠᠷᠠᠯᠲᠠᠢ ᠠᠵᠢᠯᠯᠠᠵᠠᠭᠠᠵᠤ᠂ 2025 ᠣᠨ ᠤ ᠠᠩᠬᠠᠨ ᠤ 3 ᠲᠦᠮᠡᠨ ᠨᠡᠬᠡᠮᠡᠯ ᠤᠨ ᠤᠭᠤᠲᠠ ᠦᠢᠯᠡᠳᠪᠦᠷᠢᠯᠡᠬᠦ ᠵᠠᠬᠢᠶᠠᠯᠠᠭ᠎ᠠ ᠪᠠᠨ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠪᠠᠷ ᠴᠢᠷᠮᠠᠶᠢᠨ᠎ᠠ᠃      ︽ᠮᠠᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠢᠯᠡᠳᠪᠦᠷᠢ ᠶᠢᠨ ᠭᠡᠷ ᠪᠠᠶᠢᠰᠢᠩ ᠢ ᠠᠰᠢᠭᠯᠠᠬᠤ ᠦᠭᠡᠢ ᠰᠤᠯᠠ ᠬᠠᠶᠠᠭᠰᠠᠭᠠᠷ ᠪᠠᠶᠢᠭᠰᠠᠨ᠂ ᠰᠠᠶᠢᠨ ᠲᠥᠷᠥᠯ ᠵᠦᠢᠯ ᠴᠤ ᠦᠭᠡᠢ ᠪᠣᠯᠬᠤᠷ ᠡᠶᠢᠮᠦ ᠶᠡᠭᠡ ᠭᠠᠵᠠᠷ ᠢ ᠲᠠᠯᠠᠭᠠᠷ ᠬᠠᠶᠠᠬᠤ ᠨᠢ ᠮᠠᠰᠢ ᠬᠠᠷᠠᠮᠰᠠᠯᠲᠠᠢ ᠰᠠᠨᠠᠭᠳᠠᠵᠤ ᠪᠠᠶᠢᠯ᠎ᠠ︾ ᠭᠡᠵᠦ ᠴᠠᠭᠠᠨᠨᠠᠭᠤᠷ ᠭᠠᠴᠠᠭᠠᠨ ᠤ ᠱᠦᠵᠢ ᠰᠣᠶᠣᠯᠲᠤ ᠰᠡᠳᠬᠢᠯ ᠳᠣᠭᠳᠣᠯᠤᠨ ᠶᠠᠷᠢᠨ᠎ᠠ᠃      ᠡᠨᠡᠬᠦ ᠪᠠᠶᠢᠳᠠᠯ ᠢ ᠬᠤᠪᠢᠷᠠᠭᠤᠯᠬᠤ ᠶᠢᠨ ᠲᠥᠯᠥᠭᠡ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠪᠣᠯᠣᠨ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠴᠠᠭ᠎ᠠ ᠶᠢᠨ ᠡᠬᠢ ᠪᠠᠶᠠᠯᠢᠭ ᠤᠨ ᠨᠥᠬᠦᠴᠡᠯ ᠲᠠᠢ ᠤᠶᠠᠯᠳᠤᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠭᠠᠴᠠᠭᠠᠨ ᠤ ᠬᠠᠮᠲᠤ ᠶᠢᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠠᠰᠢᠭᠯᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠰᠠᠨᠠᠯ ᠬᠤᠷᠢᠶᠠᠭᠰᠠᠨ ᠤ ᠳᠠᠷᠠᠭ᠎ᠠ᠂ ᠨᠡᠬᠡᠮᠡᠯ ᠤᠨ ᠤᠭᠤᠲᠠ ᠦᠢᠯᠡᠳᠪᠦᠷᠢᠯᠡᠬᠦ ᠲᠥᠷᠥᠯ ᠵᠦᠢᠯ ᠢ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠪᠣᠯᠭᠠᠬᠤ ᠪᠠᠷ ᠲᠣᠭᠲᠠᠪᠠ᠃ ᠡᠮᠦᠨ᠎ᠡ ᠬᠤᠭᠤᠴᠠᠭᠠᠨ ᠳᠤ ᠬᠠᠪᠰᠤᠷᠤᠨ ᠲᠡᠳᠬᠦᠬᠦ ᠨᠢᠭᠡᠴᠢ ᠪᠣᠯᠬᠤ ᠣᠲᠤᠭ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠢᠭᠡᠳ ᠬᠠᠪᠰᠤᠷᠤᠨ ᠲᠡᠳᠬᠦᠵᠦ ᠪᠠᠶᠢᠭ᠎ᠠ ᠠᠵᠤ ᠠᠬᠤᠶᠢᠯᠠᠯ ᠯᠤᠭ᠎ᠠ ᠢᠳᠡᠪᠬᠢᠲᠡᠢ ᠬᠠᠷᠢᠯᠴᠠᠵᠤ ᠪᠡᠯᠡ ᠮᠥᠩᠭᠦ ᠴᠤᠭᠯᠠᠭᠤᠯᠤᠨ᠂ ᠲᠡᠷᠢᠭᠦᠨ ᠤ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠤᠲᠠᠰᠤ ᠲᠠᠲᠠᠬᠤ᠂ ᠬᠡᠪᠯᠡᠬᠦ᠂ ᠡᠰᠬᠡᠬᠦ ᠵᠡᠷᠭᠡ ᠪᠥᠬᠦ ᠶᠠᠪᠤᠴᠠ ᠶᠢ ᠠᠦ᠋ᠲ᠋ᠣᠴᠢᠯᠠᠨ᠂ ᠶᠠᠰᠤ ᠴᠢᠨᠠᠷ ᠢ ᠪᠦᠲᠦᠮᠵᠢᠲᠡᠶ ᠪᠠᠲᠤᠯᠠᠬᠤ ᠶᠢᠨ ᠬᠠᠮᠲᠤ ᠨᠡᠬᠡᠮᠡᠯ ᠤᠨ ᠤᠭᠤᠲᠠ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠡᠬᠡᠮᠡᠯ ᠤᠨ ᠤᠭᠤᠲᠠ ᠶᠢᠨ ᠦᠢᠯᠡᠳᠪᠦᠷᠢ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠰᠠᠶᠢᠨ ᠶᠠᠰᠤ ᠴᠢᠨᠠᠷ ᠪᠣᠯᠣᠨ ᠲᠣᠭᠲᠠᠪᠤᠷᠢᠲᠠᠢ ᠨᠡᠶᠢᠭᠡᠮ ᠤᠨ ᠬᠦᠴᠦᠨ ᠤ ᠳᠡᠮᠵᠢᠯᠭᠡ ᠪᠠᠷ ᠵᠠᠬᠢᠶᠠᠯᠠᠭ᠎ᠠ ᠲᠠᠰᠤᠷᠠᠯᠲᠠ ᠦᠭᠡᠢ ᠣᠯᠠᠳᠴᠤ᠂ ᠭᠠᠴᠠᠭ᠎ᠠ ᠲᠣᠰᠬᠤᠨ ᠤ ᠲᠠᠩ ᠭᠠᠭᠴᠠ ᠮᠠᠯ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠬᠤᠪᠢᠷᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢᠨ ᠬᠠᠮᠲᠤ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ  ᠨᠢ ᠨᠡᠮᠡᠭᠳᠡᠭᠦᠯᠦᠨ ᠴᠢᠨᠡᠭᠡᠯᠢᠭᠵᠢᠬᠦᠯᠵᠡᠢ᠃      ︽ᠪᠢᠳᠡ ᠰᠤᠯᠠ ᠰᠡᠯᠡᠭᠦᠦ ᠴᠠᠭ ᠢᠶᠠᠷ ᠢᠶᠠᠨ ᠨᠡᠬᠡᠮᠡᠯ ᠤᠨ ᠤᠭᠤᠲᠠ ᠦᠢᠯᠡᠳᠪᠦᠷᠢᠯᠡᠳᠡᠭ ᠠᠴᠠ ᠮᠠᠯ ᠲᠡᠵᠢᠭᠡᠬᠦ ᠶᠢ ᠨᠥᠯᠥᠭᠡᠯᠡᠬᠦ ᠦᠭᠡᠢ ᠮᠥᠷᠲᠡᠭᠡᠨ ᠪᠠᠰᠠ ᠢᠯᠡᠭᠦᠴᠡ ᠣᠷᠣᠯᠭ᠎ᠠ ᠣᠯᠴᠢᠬᠠᠳᠠᠭ᠂ ᠡᠨᠡ ᠤᠳᠠᠭ᠎ᠠ ᠶᠢᠨ ᠵᠠᠬᠢᠶᠠᠯᠠᠭ᠎ᠠ ᠨᠢ ᠪᠢᠳᠡᠨ ᠳᠤ 3000 ᠲᠥᠭᠦᠷᠢᠭ ᠰᠢᠬᠠᠮ ᠤᠨ ᠣᠷᠣᠯᠭ᠎ᠠ ᠶᠢ ᠨᠡᠮᠡᠭᠳᠡᠭᠦᠯᠦᠯ᠎ᠡ︾ ᠭᠡᠵᠦ ᠭᠠᠴᠠᠭᠠᠨ ᠤ ᠠᠷᠠᠳ ᠭᠤᠤ ᠷᠦᠩ ᠹᠸᠡᠭ ᠪᠠᠶᠠᠷᠲᠠᠢ ᠬᠡᠯᠡᠨ᠎ᠡ᠃      ︽ᠳᠠᠷᠠᠭᠠᠴᠢ ᠪᠠᠷ᠂ ᠪᠢᠳᠡ ᠪᠤᠰᠤᠳ ᠬᠤᠳᠠᠯᠳᠤᠭᠠᠨ ᠤ ᠡᠷᠦᠬᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠴᠠᠭᠠᠨ ᠤ ᠳᠠᠯᠳᠠ ᠬᠦᠴᠦᠨ ᠢ ᠢᠳᠡᠪᠬᠢᠲᠡᠢ ᠠᠭᠤᠳᠠᠯᠤᠨ᠂ ︿ᠨᠠᠮ ᠤᠨ ᠡᠭᠦᠷ + ᠬᠤᠷᠰᠢᠶ᠎ᠠ + ᠠᠵᠤ ᠠᠬᠤᠶᠢᠯᠠᠯ + ᠮᠠᠯᠴᠢᠨ ᠲᠠᠷᠢᠶᠠᠴᠢᠨ ᠡᠷᠦᠬᠡ﹀ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ︿ᠠᠵᠤ ᠠᠬᠤᠶᠢᠯᠠᠯ ᠵᠠᠬᠢᠶᠠᠯᠠᠬᠤ᠂ ᠬᠤᠷᠰᠢᠶ᠎ᠠ ᠵᠠᠬᠢᠶᠠᠯᠠᠭ᠎ᠠ ᠶᠢ ᠭᠥᠯᠢᠶᠡᠨ ᠠᠪᠬᠤ᠂ ᠮᠠᠯᠴᠢᠨ ᠲᠠᠷᠢᠶᠠᠴᠢᠨ ᠣᠷᠣᠯᠴᠠᠬᠤ︾ ᠬᠡᠯᠬᠢᠶᠡᠵᠢᠭᠰᠡᠨ ᠡᠵᠡᠩᠨᠡᠯᠲᠡ ᠶᠢᠨ ᠠᠷᠭ᠎ᠠ ᠮᠠᠶ᠋ᠢᠭ ᠢ ᠪᠣᠢ ᠪᠣᠯᠭᠠᠨ᠂ ᠨᠡᠬᠡᠮᠡᠯ ᠤᠨ ᠤᠭᠤᠲᠠ ᠶᠢᠨ ᠠᠵᠤ ᠦᠢᠯᠡᠰ ᠢ ᠣᠨᠴᠠᠯᠢᠭᠲᠤ ᠠᠵᠤ ᠦᠢᠯᠡᠰ ᠪᠣᠯᠭᠠᠨ ᠪᠠᠶᠢᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠨᠠᠩ ᠣᠯᠠᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠠᠷ ᠴᠢᠷᠮᠠᠶᠢᠨ᠎ᠠ︾ ᠭᠡᠵᠦ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠤᠤ ᠪᠦᠦ ᠹᠸᠡᠭ ᠢᠲᠡᠭᠡᠯ ᠲᠡᠭᠦᠯᠳᠡᠷ ᠬᠡᠯᠡᠨ᠎ᠡ᠃   
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ