ᠴᠢ ᠫᠠᠨ ᠵᠢᠩ ᠪᠠᠯᠭᠠᠰᠤᠨ ᠤ ᠦᠵᠦᠭᠦᠷ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠤᠭᠤᠯᠠᠨ ᠭᠡᠷ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/3/28
      ᠠᠮᠲᠠᠲᠤ ᠰᠠᠶᠢᠬᠠᠨ ᠨᠢᠭᠡ ᠡᠷᠡᠨ ᠤ ᠬᠤᠭᠤᠯᠠ ᠨᠢ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃ ᠦᠵᠦᠭᠦᠷ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠤᠭᠤᠯᠠᠨ ᠭᠡᠷ ᠨᠢ ᠨᠠᠰᠤᠲᠠᠶᠢᠴᠤᠳ ᠤᠨ ᠬᠤᠭᠤᠯᠠ ᠢᠳᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠨᠡᠶᠢᠭᠡᠮ ᠲᠣᠭᠤᠷᠢᠭ ᠤᠨ ᠬᠢᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠴᠢᠬᠤᠯᠠᠴᠢᠯᠠᠭᠰᠠᠨ ᠢᠶᠠᠷ ᠪᠠᠷᠠᠬᠤ ᠦᠭᠡᠢ ᠪᠠᠰᠠ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠳᠠᠲᠠᠢ ᠨᠠᠶᠢᠳᠠᠪᠤᠷᠢᠵᠢᠭᠤᠯᠪᠠ᠃      ᠣᠳᠣ ᠪᠣᠯᠲᠠᠯ᠎ᠠ᠂ ᠬᠠᠶᠢᠷ᠎ᠠ ᠬᠠᠯᠠᠮᠵᠢ ᠬᠦᠷᠭᠡᠬᠦ ᠬᠤᠭᠤᠯᠠᠨ ᠭᠡᠷ ᠲᠤ 174 ᠨᠠᠰᠤᠲᠠᠨ ᠬᠤᠭᠤᠯᠠ ᠢᠳᠡᠵᠦ᠂ ᠨᠠᠰᠤᠲᠠᠨ ᠪᠣᠯᠭᠠᠨ ᠳᠤ ᠬᠠᠨᠤᠮᠵᠢᠲᠠᠶ ᠬᠤᠭᠤᠯᠠ ᠪᠤᠳᠠᠭ᠎ᠠ ᠢᠳᠡᠭᠦᠯᠬᠦ ᠶᠢ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠲᠥᠯᠥᠭᠡᠯᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠣᠨ ᠡᠩ ᠤᠨ ᠰᠠᠭᠤᠭᠠᠯᠢ ᠠᠷᠠᠳ ᠢᠶᠠᠷ ᠪᠦᠷᠢᠯᠳᠦᠭᠰᠡᠨ ᠤᠯᠠᠨ ᠡᠰᠢᠴᠢᠯᠡᠭᠰᠡᠨ ᠶᠠᠰᠤ ᠴᠢᠨᠠᠷ ᠤᠨ ᠡᠵᠡᠮᠳᠡᠯ ᠤᠨ ᠳᠤᠭᠤᠶᠢᠯᠠᠩ ᠢ ᠪᠠᠶᠢᠭᠤᠯᠤᠨ᠂ ᠨᠠᠰᠤᠲᠠᠶᠢᠴᠤᠳ ᠤᠨ ᠢᠳᠡᠭᠡᠨ ᠤᠮᠳᠠᠭᠠᠨ ᠤ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠠᠴᠠ ᠭᠠᠳᠠᠨ᠎ᠠ ᠪᠠᠰᠠ ᠪᠦᠬᠦ ᠲᠠᠯ᠎ᠠ ᠶᠢᠨ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠤᠨ᠂ ᠲᠣᠭᠲᠠᠭᠰᠠᠨ ᠬᠤᠭᠤᠴᠠᠭ᠎ᠠ ᠲᠠᠢ ᠪᠠᠷ ᠤᠲᠠᠰᠤ ᠪᠠᠷ ᠬᠤᠭᠤᠯᠠ ᠢᠳᠡᠵᠦ ᠪᠠᠶᠢᠭ᠎ᠠ ᠨᠠᠰᠤᠲᠠᠶᠢᠴᠤᠳ ᠠᠴᠠ ᠪᠠᠶᠢᠳᠠᠯ ᠢ ᠠᠰᠠᠭᠤᠵᠤ᠂ ᠭᠠᠷᠠᠭ ᠪᠦᠷᠢ ᠲᠣᠭᠲᠠᠭᠰᠠᠨ ᠴᠠᠭ ᠦᠭᠡᠢ ᠪᠠᠷ ᠬᠤᠭᠤᠯᠠ ᠪᠤᠳᠠᠭᠠᠨ ᠤ ᠶᠠᠰᠤ ᠴᠢᠨᠠᠷ ᠢ ᠪᠠᠶᠢᠴᠠᠭᠠᠨ᠂ ᠰᠠᠷ᠎ᠠ ᠪᠦᠷᠢ ᠭᠡᠷ ᠲᠤᠨᠢ ᠬᠦᠷᠴᠦ ᠨᠠᠰᠤᠲᠠᠶᠢᠴᠤᠳ ᠲᠠᠢ ᠨᠢᠭᠤᠷᠳᠠᠨ ᠶᠠᠷᠢᠯᠴᠠᠪᠠ᠃ ᠡᠭᠦᠨ ᠤ ᠬᠠᠮᠲᠤ᠂ ᠬᠠᠷᠢᠭᠤ ᠰᠤᠷᠪᠤᠯᠵᠢᠯᠠᠭᠰᠠᠨ ᠲᠡᠮᠳᠡᠭᠯᠡᠯ ᠤᠳ ᠢ ᠲᠣᠬᠢᠲᠠᠢ ᠦᠯᠡᠳᠡᠭᠡᠨ ᠬᠠᠳᠠᠭᠠᠯᠠᠵᠤ᠂ ᠨᠠᠰᠤᠲᠠᠶᠢᠴᠤᠳ ᠤᠨ ᠳᠤᠷᠠᠳᠤᠭᠰᠠᠨ ᠰᠠᠨᠠᠯ ᠳᠤ ᠴᠢᠭᠯᠡᠭᠦᠯᠦᠨ᠂ ᠲᠡᠷᠡ ᠳᠣᠣᠷ᠎ᠠ ᠨᠢ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠢᠳᠡᠭᠡᠨ ᠤᠮᠳᠠᠭᠠᠨ ᠤ ᠦᠢᠯᠡᠴᠢᠯᠡᠭᠡ  ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃       ᠣᠶᠢᠷ᠎ᠠ ᠶᠢᠨ ᠬᠤᠭᠤᠴᠠᠭᠠᠨ ᠳᠤ ᠬᠤᠶᠠᠷ ᠨᠠᠰᠤᠲᠠᠨ ᠯᠤᠭ᠎ᠠ ᠬᠤᠭᠤᠯᠠ ᠪᠤᠳᠠᠭᠠᠨ ᠤ ᠴᠢᠨᠠᠷ ᠴᠢᠨᠰᠠᠭ᠎ᠠ᠂ ᠪᠤᠳᠠᠭᠠᠨ ᠤ ᠬᠠᠲᠠᠭᠤ ᠵᠥᠭᠡᠯᠡᠨ ᠤ ᠬᠡᠮᠵᠢᠶ᠎ᠡ᠂ ᠶᠡᠭᠡ ᠪᠠᠭ᠎ᠠ ᠶᠢᠨ ᠬᠡᠮᠵᠢᠶ᠎ᠡ᠂ ᠲᠣᠰᠣ ᠳᠠᠪᠤᠰᠤᠨ ᠤ ᠬᠡᠮᠵᠢᠶ᠎ᠡ᠂ ᠬᠦᠷᠭᠡᠭᠰᠡᠨ ᠬᠤᠭᠤᠯᠠ ᠶᠢᠨ ᠳᠤᠯᠠᠭᠠᠨ ᠤ ᠬᠡᠮᠵᠢᠶ᠎ᠡ ᠵᠢᠴᠢ ᠬᠤᠭᠤᠯᠠ ᠬᠦᠷᠭᠡᠭᠴᠢ ᠶᠢᠨ ᠣᠪᠣᠷ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠪᠠ᠃ ᠶᠠᠷᠢᠯᠴᠠᠭᠠᠨ ᠤ ᠳᠤᠮᠳᠠ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠭᠦᠢᠴᠡᠳ ᠨᠤᠲᠠᠯᠠᠵᠤ᠂ ᠬᠤᠭᠤᠯᠠ ᠪᠤᠳᠠᠭ᠎ᠠ ᠨᠢ ᠲᠠᠭᠠᠯᠠᠭᠳᠠᠵᠤ ᠪᠠᠶᠢᠨ᠎ᠠ ᠭᠡᠵᠦ ᠬᠡᠯᠡᠭᠰᠡᠨ ᠨᠢ ᠨᠡᠶᠢᠭᠡᠮ ᠲᠣᠭᠤᠷᠢᠭ ᠤᠨ ᠠᠵᠢᠯᠲᠠᠳ ᠲᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃      ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠠᠰᠤᠲᠠᠶᠢᠴᠤᠳ ᠲᠤ ᠦᠢᠯᠡᠴᠢᠯᠡᠵᠦ᠂ ᠨᠠᠰᠤᠲᠠᠶᠢᠴᠤᠳ ᠤᠨ ᠬᠤᠭᠤᠯᠠ ᠤᠮᠳᠠᠭᠠᠨ ᠤ ᠠᠮᠤᠷ ᠲᠦᠪᠰᠢᠨ ᠢ ᠬᠦᠴᠦᠯᠡᠨ ᠪᠠᠲᠤᠯᠠᠬᠤ ᠪᠣᠯ ᠦᠵᠦᠭᠦᠷ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢᠨ ᠬᠤᠭᠤᠯᠠᠨ ᠭᠡᠷ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠵᠣᠷᠢᠯᠲᠠ ᠪᠣᠯᠣᠨ᠎ᠠ᠃ ᠡᠨᠡ ᠬᠦ ᠠᠮᠠᠯᠠᠯᠲᠠ ᠨᠢ ᠡᠳᠦᠷ ᠲᠤᠲᠤᠮ ᠤᠨ ᠵᠢᠵᠢᠭ ᠰᠠᠵᠢᠭ ᠦᠢᠯᠡᠴᠢᠯᠡᠭᠡ ᠳᠤ ᠢᠯᠡᠷᠡᠵᠦ ᠪᠠᠶᠢᠬᠤ ᠪᠠᠷ ᠪᠠᠷᠠᠬᠤ ᠦᠭᠡᠢ᠂ ᠨᠠᠩ ᠴᠤ ᠨᠠᠰᠤᠲᠠᠨ ᠨᠢᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠬᠤ ᠪᠠ ᠢᠳᠡᠪᠬᠢᠲᠡᠢ ᠪᠠᠷ ᠬᠠᠷᠢᠭᠤ ᠥᠭᠬᠦ ᠳᠡᠭᠡᠷ᠎ᠡ ᠢᠯᠡᠷᠡᠵᠦ ᠪᠣᠢ᠃ ᠦᠵᠦᠭᠦᠷ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠴᠢᠷᠮᠠᠶᠢᠵᠤ᠂ ᠬᠠᠶᠢᠷ᠎ᠠ ᠬᠠᠯᠠᠮᠵᠢ ᠶᠢᠨ ᠬᠤᠭᠤᠯᠠᠨ ᠭᠡᠷ ᠢ ᠨᠠᠰᠤᠲᠠᠶᠢᠴᠤᠳ ᠤᠨ ᠰᠡᠳᠬᠢᠯ ᠳᠠᠬᠢ ᠬᠠᠮᠤᠭ ᠤᠨ ᠳᠤᠯᠠᠭᠠᠨ ᠥᠯᠥᠭᠡᠢ ᠪᠣᠯᠭᠠᠨ᠎ᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ