ᠨᠢᠭᠡᠳᠦᠮᠡᠯ ᠹᠷᠣᠨᠲ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠦᠴᠦᠨ ᠢ ᠢᠳᠡᠪᠬᠢᠲᠡᠢ ᠨᠢᠭᠲᠠᠷᠠᠭᠤᠯᠬᠤ ᠶᠢᠨ ᠲᠤᠰᠠᠳᠠ᠂ ᠣᠶᠢᠷ᠎ᠠ ᠳᠤ᠂ | ᠤᠯᠠᠭᠠᠨᠪᠠᠯᠭᠠᠰᠤ ᠶᠢᠨ ᠬᠢᠨ ᠣᠲᠤᠭ ᠬᠤᠰᠢᠭᠤᠨ ᠤ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠤᠨ ᠣᠲᠤᠭ | ᠬᠤᠰᠢᠭᠤᠨ ᠳᠤ ᠰᠠᠭᠤᠭ᠎ᠠ ᠪᠠᠭᠰᠢ ᠰᠤᠷᠤᠭᠴᠢᠳ ᠲᠠᠢ ᠬᠠᠮᠲᠤᠷᠠᠨ ᠰᠦᠵᠢ ᠭᠠᠴᠠᠭ᠎ᠠ ᠳᠤ ︽ᠭᠦᠨ ᠵᠤᠵᠠᠭᠠᠨ ᠬᠠᠶᠢᠷ᠎ᠠ ᠬᠠᠯᠠᠮᠵᠢᠯᠠᠯ ᠢᠶᠠᠷ ᠬᠥᠮᠥᠰ ᠤᠨ ᠰᠡᠳᠬᠢᠯ ᠢ | ᠳᠤᠯᠠᠭᠠᠴᠠᠭᠤᠯᠬᠤ︾ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠳ ᠲᠤ ᠬᠠᠶᠢᠷ᠎ᠠ ᠬᠠᠯᠠᠮᠵᠢ ᠬᠦᠷᠲᠡᠭᠡᠵᠡᠢ᠃ | ︽ᠪᠢ ᠬᠠᠷ᠎ᠠ ᠪᠠᠭ᠎ᠠ ᠠᠴᠠ ᠪᠠᠨ ᠣᠲᠤᠭ ᠬᠤᠰᠢᠭᠤᠨ ᠳᠤ ᠲᠥᠷᠥᠵᠦ ᠥᠰᠦᠭᠰᠡᠨ ᠤᠯᠠᠭᠠᠨᠪᠠᠯᠭᠠᠰᠤᠨ ᠤ ᠰᠢᠨ᠎ᠡ ᠨᠤᠲᠤᠭ ᠤᠨ ᠮᠡᠷᠭᠡᠳ ᠤᠨ ᠨᠥᠬᠦᠷᠯᠡᠯ ᠤᠨ | ᠬᠤᠷᠠᠯ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠥᠪᠡᠷ ᠤᠨ ᠥᠴᠥᠬᠡᠨ ᠬᠦᠴᠦᠨ ᠢᠶᠠᠷ ᠢᠶᠠᠨ ᠨᠤᠲᠤᠭ ᠤᠨ ᠢᠶᠠᠨ ᠠᠬ᠎ᠠ ᠳᠡᠭᠦᠦ ᠨᠠᠷ ᠲᠠᠭᠠᠨ ᠪᠠᠭ᠎ᠠ ᠰᠠᠭ᠎ᠠ | ᠠᠵᠢᠯ ᠬᠢᠵᠦ ᠥᠭᠭᠦᠶ᠎ᠡ᠂ ᠮᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠤᠨ ᠬᠠᠶᠢᠷ᠎ᠠ ᠰᠡᠳᠬᠢᠯᠭᠡ᠂ ᠤᠶᠤᠨ ᠤᠬᠠᠭᠠᠨ ᠢᠶᠠᠷ ᠢᠶᠠᠨ | ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ᠂ ᠡᠨᠡ | ᠪᠣᠯ ᠪᠢᠳᠡᠨ ᠤ ᠰᠠᠶᠢᠨ ᠳᠤᠷ᠎ᠠ ᠶᠢᠨ ᠠᠵᠢᠯᠯᠠᠭ᠎ᠠ ᠳᠤ ᠣᠷᠣᠯᠴᠠᠭᠰᠠᠨ ᠤᠭ ᠰᠠᠨᠠᠭ᠎ᠠ ᠬᠢᠭᠡᠳ ᠬᠠᠷᠠᠯᠲᠠ ᠪᠣᠯᠣᠨ᠎ᠠ︾ ᠭᠡᠵᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠢᠵᠢᠭ ᠬᠦᠷᠢᠶᠡᠯᠡᠩ ᠤᠨ ᠬᠠᠷᠢᠭᠤᠴᠠᠯᠭᠠᠲᠠᠨ ᠬᠥᠭᠵᠢᠯᠲᠦ ᠫᠷᠣᠹᠧᠰᠰᠣᠷ ᠬᠡᠯᠡᠪᠡ᠃ | ᠠᠵᠢᠯᠯᠠᠭ᠎ᠠ ᠶᠢᠨ ᠲᠤᠬᠠᠢ ᠶᠢᠨ ᠡᠳᠦᠷ᠂ ᠤᠯᠠᠭᠠᠨᠪᠠᠯᠭᠠᠰᠤᠨ ᠤ ᠰᠦᠵᠢ ᠭᠠᠴᠠᠭ᠎ᠠ ᠶᠢᠨ ︽ᠬᠤᠶᠠᠷ ᠵᠥᠪᠯᠡᠯ︾ ᠤᠨ ᠠᠵᠢᠯᠲᠠᠳ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠤᠨ ᠣᠲᠤᠭ ᠬᠤᠰᠢᠭᠤᠨ ᠳᠤ ᠰᠠᠭᠤᠭ᠎ᠠ ᠪᠠᠭᠰᠢ ᠰᠤᠷᠤᠭᠴᠢᠳ ᠢ ᠳᠠᠭᠠᠭᠤᠯᠤᠨ ᠡᠷᠦᠬᠡ ᠳᠤ ᠬᠦᠷᠴᠦ ᠪᠣᠯᠭᠤᠭᠠᠨ | ᠲᠣᠬᠤᠨᠢᠭᠤᠯᠬᠤ᠂ ᠡᠳ᠋ ᠪᠣᠳᠠᠰ ᠢᠶᠠᠷ ᠲᠡᠳᠬᠦᠬᠦ᠂ ᠣᠷᠣᠨ ᠰᠠᠭᠤᠴᠠ ᠪᠣᠯᠣᠨ ᠮᠠᠯ ᠤᠨ ᠬᠠᠰᠢᠶ᠎ᠠ ᠶᠢ ᠴᠡᠪᠡᠷᠯᠡᠬᠦ᠂ ᠲᠡᠵᠢᠭᠡᠨ ᠦᠷᠡᠵᠢᠭᠦᠯᠬᠦ ᠮᠡᠷᠭᠡᠵᠢᠯ ᠬᠢᠭᠡᠳ | ᠠᠮᠢᠲᠠᠨ ᠤ ᠡᠮᠴᠢᠯᠡᠭᠡ ᠪᠠᠷ ᠬᠠᠪᠰᠤᠷᠤᠨ ᠲᠡᠳᠬᠦᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠨᠦᠭᠦᠳ ᠢ ᠥᠷᠨᠢᠭᠦᠯᠪᠡ᠃ ᠣᠲᠤᠭ ᠬᠤᠰᠢᠭᠤᠨ ᠳᠤ ᠰᠠᠭᠤᠭ᠎ᠠ | ᠪᠠᠭᠰᠢ ᠰᠤᠷᠤᠭᠴᠢᠳ ᠪᠣᠯᠣᠨ ᠰᠠᠶᠢᠨ ᠳᠤᠷᠠᠴᠤᠳ ᠬᠠᠮᠲᠤ ᠪᠠᠷ ᠭᠠᠴᠠᠭᠠᠨ ᠤ ᠨᠠᠰᠤᠲᠠᠨ ᠲᠠᠢ᠂ ᠡᠪᠡᠳᠴᠢᠲᠡᠨ ᠲᠠᠢ 10 ᠮᠠᠯᠴᠢᠨ ᠡᠷᠦᠬᠡ ᠶᠢᠨ ᠳᠤ ᠬᠦᠷᠴᠦ | ᠬᠠᠶᠢᠷ᠎ᠠ ᠬᠠᠯᠠᠮᠵᠢ ᠬᠦᠷᠲᠡᠭᠡᠬᠦ ᠶᠢᠨ ᠳᠠᠭᠠᠤ ᠮᠠᠯᠴᠢᠨ ᠲᠠᠷᠢᠶᠠᠴᠢᠳ ᠤᠨ ᠲᠡᠵᠢᠭᠡᠵᠦ ᠪᠠᠶᠢᠭ᠎ᠠ ᠦᠬᠡᠷ ᠬᠤᠨᠢᠨ ᠤ ᠪᠠᠶᠢᠳᠠᠯ ᠢ ᠨᠢ ᠨᠠᠷᠢᠨ ᠣᠶᠢᠯᠠᠭᠠᠵᠤ᠂ ᠦᠬᠡᠷ | ᠮᠠᠯ ᠤᠨ ᠬᠠᠰᠢᠶ᠎ᠠ ᠶᠢ ᠨᠢ ᠪᠥᠬᠦ ᠲᠠᠯ᠎ᠠ ᠪᠠᠷ ᠴᠡᠪᠡᠷᠯᠡᠵᠦ ᠠᠷᠢᠭᠤᠳᠬᠠᠨ᠂ ᠮᠠᠯᠴᠢᠨ ᠲᠠᠷᠢᠶᠠᠴᠢᠨ ᠳᠤ ᠲᠤᠯᠭᠠᠷᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ ᠪᠣᠯᠣᠨ | ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠬᠠᠢ 30 ᠭᠠᠷᠤᠢ ᠠᠰᠠᠭᠤᠳᠠᠯ ᠢ ᠬᠠᠷᠢᠭᠤᠯᠵᠤ᠂ ᠨᠠᠰᠤᠲᠠᠶᠢᠴᠤᠳ ᠵᠢᠴᠢ ᠡᠪᠡᠳᠴᠢᠲᠡᠨ ᠤ | ᠠᠮᠢᠳᠤᠷᠠᠯ ᠤᠨ ᠬᠦᠴᠢᠷᠳᠡᠯ ᠪᠠ ᠰᠡᠳᠬᠢᠯ ᠤᠨ ᠳᠠᠷᠤᠭᠠᠰᠤ ᠶᠢ ᠨᠢ ᠬᠥᠩᠭᠡᠷᠡᠭᠦᠯᠵᠦ᠂ ᠨᠠᠰᠤᠲᠠᠨ ᠢ ᠬᠦᠨᠳᠦᠯᠡᠬᠦ ᠤᠯᠠᠮᠵᠢᠯᠠᠯ ᠢ ᠪᠠᠳᠠᠷᠠᠭᠤᠯᠤᠭᠰᠠᠨ ᠪᠠᠶᠢᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠵᠢᠭ ᠬᠦᠷᠢᠶᠡᠯᠡᠩ ᠤᠨ ᠪᠠᠭᠰᠢ ᠰᠤᠷᠤᠭᠴᠢᠳ ᠤᠨ ᠲᠣᠳᠣᠨᠤ ᠦᠢᠯᠡᠴᠢᠯᠡᠭᠡ ᠨᠢ ᠲᠣᠬᠤᠨᠢᠭᠤᠯᠤᠭᠳᠠᠭᠰᠠᠨ | ᠡᠷᠦᠬᠡ ᠶᠢᠨ ᠮᠠᠭᠲᠠᠭᠠᠯ ᠰᠠᠶᠢᠰᠢᠶᠠᠯ ᠢ ᠣᠯᠪᠠ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠤᠯᠠᠭᠠᠨᠪᠠᠯᠭᠠᠰᠤᠨ ᠤ ᠨᠢᠭᠡᠳᠦᠮᠡᠯ ᠹᠷᠣᠨᠲ ᠤᠨ ᠠᠵᠢᠯᠲᠠᠨ ᠤ ᠲᠣᠰ ᠪᠡᠶ᠎ᠡ ᠶᠢᠨ | ᠳᠠᠪᠠᠭᠤᠯᠢᠭ ᠪᠣᠯᠣᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠶᠢᠷ᠎ᠠ ᠬᠠᠪᠢ ᠶᠢᠨ ᠭᠠᠴᠠᠭ᠎ᠠ ᠲᠣᠰᠬᠤᠨ ᠤ ᠮᠠᠯᠴᠢᠨ ᠲᠠᠷᠢᠶᠠᠴᠢᠨ ᠤ ᠪᠣᠳᠠᠲᠤ ᠬᠡᠷᠡᠭᠴᠡᠭᠡ ᠠᠴᠠ | ᠡᠭᠦᠰᠴᠦ᠂ ᠮᠠᠯᠴᠢᠨ ᠲᠠᠷᠢᠶᠠᠴᠢᠳ ᠲᠤ ᠣᠶᠢᠷ᠎ᠠ ᠬᠠᠪᠢ ᠳᠤᠨᠢ ᠰᠢᠯᠢᠳᠡᠭ ᠦᠢᠯᠡᠴᠢᠯᠡᠭᠡ ᠶᠢ ᠡᠳ᠋ᠯᠡᠭᠦᠯᠵᠡᠢ᠃ ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ | ᠨᠢᠭᠡᠳᠦᠮᠡᠯ ᠹᠷᠣᠨᠲ ᠤᠨ ᠬᠦᠴᠦᠨ ᠢ ᠦᠷᠭᠦᠯᠵᠢᠯᠡᠨ ᠨᠢᠭᠲᠠᠷᠠᠭᠤᠯᠵᠤ᠂ ᠣᠯᠠᠨ ᠲᠦᠮᠡᠨ ᠤ ᠪᠤᠳᠤᠵᠤ ᠪᠠᠶᠢᠭ᠎ᠠ᠂ ᠱᠠᠭᠠᠷᠳᠠᠵᠤ ᠪᠠᠶᠢᠭ᠎ᠠ᠂ ᠬᠦᠰᠡᠵᠦ ᠪᠠᠶᠢᠭ᠎ᠠ | ᠦᠢᠯᠡᠴᠢᠯᠡᠭᠡᠨ ᠤ ᠠᠵᠢᠯᠯᠠᠭ᠎ᠠ ᠶᠢ ᠨᠠᠩ ᠣᠯᠠᠨ ᠨᠠᠩ ᠰᠠᠶᠢᠨ ᠥᠷᠨᠢᠭᠦᠯᠦᠨ᠂ ᠨᠢᠭᠡᠳᠦᠮᠡᠯ ᠹᠷᠣᠨᠲ ᠤᠨ ᠠᠵᠢᠯ ᠳᠤ ᠰᠢᠨ᠎ᠡ ᠠᠮᠵᠢᠯᠲᠠ ᠡᠭᠦᠳᠦᠨ᠎ᠡ᠃ | | | |