ᠣᠲᠤᠭ ᠬᠤᠰᠢᠭᠤᠨ ᠤ 2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠶᠢ ᠨᠡᠶᠢᠲᠡᠯᠡᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/3/28
ᠣᠲᠤᠭ ᠬᠤᠰᠢᠭᠤᠨ ᠤ 2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠶᠢ ᠨᠡᠶᠢᠲᠡᠯᠡᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                                                                  ᠣᠲᠤᠭ ᠵᠠᠰᠠᠭ ᠠᠯᠪᠠᠨ ᠲᠠᠷᠬᠠᠭᠠᠭᠰᠠᠨ  ﹇2024﹈ 67 ᠳ᠋ᠤᠭᠠᠷ ᠲᠣᠭᠠᠲᠤᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽2023 ᠣᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2023﹈ 38 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠣᠲᠤᠭ ᠬᠤᠰᠢᠭᠤᠨ ᠤ 2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠠᠵᠢᠯ ᠢ ᠠᠮᠵᠢᠯᠲᠠᠲᠠᠢ ᠪᠡᠶᠡᠯᠡᠭᠦᠯᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠭᠤᠣᠯ ᠪᠣᠯᠬᠤ ᠲᠤᠭ᠎ᠠ ᠪᠠᠷᠢᠮᠲᠠ ᠶᠢ ᠳᠣᠣᠷᠠᠬᠢ ᠮᠡᠲᠦ ᠨᠡᠶᠢᠲᠡᠯᠡᠶ᠎ᠡ᠃       2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠪᠠᠷ 7344 ᠵᠢᠷᠤᠭ ᠲᠣᠯᠪᠤ ᠶᠢ ᠬᠤᠪᠢᠷᠠᠭᠤᠯᠪᠠ᠃ 2024 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ᠤᠯᠤᠰ ᠠᠴᠠ ᠬᠠᠮᠤᠭ ᠡᠴᠦᠰ ᠤᠨ ᠦᠷ᠎ᠡ ᠪᠦᠲᠦᠭᠡᠯ ᠢ ᠲᠠᠷᠬᠠᠭᠠᠪᠠ᠃       ᠨᠢᠭᠡ᠂ ᠭᠤᠣᠯ ᠪᠣᠯᠬᠤ ᠭᠠᠵᠠᠷ ᠤᠨ ᠲᠥᠷᠥᠯ ᠤᠨ ᠲᠤᠭ᠎ᠠ ᠪᠠᠷᠢᠮᠲᠠ       1.ᠲᠠᠷᠢᠶᠠᠨ ᠭᠠᠵᠠᠷ᠃ ᠪᠥᠬᠦ ᠬᠤᠰᠢᠭᠤᠨ ᠤ ᠲᠠᠷᠢᠶᠠᠨ ᠭᠠᠵᠠᠷ 70.30 ᠲᠦᠮᠡᠨ ᠮᠦ᠃ ᠡᠭᠦᠨ ᠳᠤ᠄ ᠤᠰᠤᠨ ᠲᠠᠷᠢᠶ᠎ᠠ 0.57 ᠲᠦᠮᠡᠨ ᠮᠦ᠂ ᠤᠰᠤᠯᠠᠯᠲᠠ ᠶᠢᠨ ᠲᠠᠷᠢᠶ᠎ᠠ 69.73 ᠲᠦᠮᠡᠨ ᠮᠦ ᠪᠠᠶᠢᠨ᠎ᠠ᠃       2. ᠴᠡᠴᠡᠷᠯᠢᠭᠵᠢᠭᠦᠯᠦᠭᠰᠡᠨ ᠭᠠᠵᠠᠷ᠃ ᠪᠥᠬᠦ ᠬᠤᠰᠢᠭᠤᠨ ᠤ ᠴᠡᠴᠡᠷᠯᠢᠭᠵᠢᠭᠦᠯᠦᠭᠰᠡᠨ ᠭᠠᠵᠠᠷ 0.14 ᠲᠦᠮᠡᠨ ᠮᠦ᠃ ᠡᠭᠦᠨ ᠳᠤ ᠵᠢᠮᠢᠰ ᠤᠨ ᠬᠦᠷᠢᠶᠡᠯᠡᠩ 0.05 ᠲᠦᠮᠡᠨ ᠮᠦ᠂ ᠪᠤᠰᠤᠳ ᠴᠡᠴᠡᠷᠯᠢᠭᠵᠢᠭᠦᠯᠦᠭᠰᠡᠨ ᠭᠠᠵᠠᠷ 0.09 ᠲᠦᠮᠡᠨ ᠮᠦ ᠪᠠᠶᠢᠨ᠎ᠠ᠃       3. ᠣᠶᠢᠲᠤ ᠭᠠᠵᠠᠷ᠃ ᠪᠥᠬᠦ ᠬᠤᠰᠢᠭᠤᠨ ᠤ ᠣᠶᠢᠲᠤ ᠭᠠᠵᠠᠷ 288.63 ᠲᠦᠮᠡᠨ ᠮᠦ ᠃ ᠡᠭᠦᠨ ᠳᠤ᠄ ᠲᠤᠷᠤᠭ ᠮᠣᠳᠣᠨ ᠤ ᠣᠶᠢᠲᠤ ᠭᠠᠵᠠᠷ 7.70 ᠲᠦᠮᠡᠨ ᠮᠦ᠂ ᠪᠤᠲᠠ ᠮᠣᠳᠣᠨ ᠤ ᠣᠶᠢᠲᠤ ᠭᠠᠵᠠᠷ 278.17 ᠲᠦᠮᠡᠨ ᠮᠦ᠂ ᠪᠤᠰᠤᠳ ᠣᠶᠢᠲᠤ ᠭᠠᠵᠠᠷ 2.76 ᠲᠦᠮᠡᠨ ᠮᠦ ᠪᠠᠶᠢᠨ᠎ᠠ᠃       4. ᠪᠡᠯᠴᠢᠭᠡᠷ᠃ ᠪᠥᠬᠦ ᠬᠤᠰᠢᠭᠤᠨ ᠤ ᠪᠡᠯᠴᠢᠭᠡᠷ 2437.59 ᠲᠦᠮᠡᠨ ᠮᠦ᠃ ᠡᠭᠦᠨ ᠳᠤ᠄ ᠪᠠᠶᠢᠭᠠᠯᠢ ᠶᠢᠨ ᠪᠡᠯᠴᠢᠭᠡᠷ 2399.66 ᠲᠦᠮᠡᠨ ᠮᠦ᠂ ᠲᠠᠷᠢᠮᠠᠯ ᠪᠡᠯᠴᠢᠭᠡᠷ 7.06 ᠲᠦᠮᠡᠨ ᠮᠦ᠂ ᠪᠤᠰᠤᠳ ᠪᠡᠯᠴᠢᠭᠡᠷ 30.87 ᠲᠦᠮᠡᠨ ᠮᠦ ᠪᠠᠶᠢᠨ᠎ᠠ᠃       5. ᠨᠤᠭᠤ ᠭᠠᠵᠠᠷ᠃ ᠪᠥᠬᠦ ᠬᠤᠰᠢᠭᠤᠨ ᠤ ᠨᠤᠭᠤ ᠭᠠᠵᠠᠷ 11.57 ᠲᠦᠮᠡᠨ ᠮᠦ ᠃ ᠡᠭᠦᠨ ᠳᠤ ᠨᠠᠮᠤᠭ ᠭᠠᠵᠠᠷ 0.51 ᠲᠦᠮᠡᠨ ᠮᠦ᠂ ᠳᠣᠲᠣᠭᠠᠳᠤ ᠬᠠᠭᠤᠷᠠᠢ ᠶᠢᠨ ᠲᠠᠩ ᠭᠠᠵᠠᠷ 11.06 ᠲᠦᠮᠡᠨ ᠮᠦ ᠪᠠᠶᠢᠨ᠎ᠠ᠃       6. ᠬᠤᠲᠠ ᠪᠠᠯᠭᠠᠰᠤ ᠭᠠᠴᠠᠭ᠎ᠠ ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠬᠤᠲᠠ ᠪᠠᠯᠭᠠᠰᠤ ᠭᠠᠴᠠᠭ᠎ᠠ ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ 39.30 ᠲᠦᠮᠡᠨ ᠮᠦ᠃ ᠡᠭᠦᠨ ᠳᠤ᠄ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠰᠤᠮᠤ ᠪᠠᠯᠭᠠᠰᠤ 10.75 ᠲᠦᠮᠡᠨ ᠮᠦ᠂ ᠠᠶᠢᠯ ᠲᠣᠰᠬᠤᠨ 6.25 ᠲᠦᠮᠡᠨ ᠮᠦ᠂ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ 21.57 ᠲᠦᠮᠡᠨ ᠮᠦ᠂ ᠨᠡᠷᠡᠲᠦ ᠦᠵᠡᠮᠵᠢ ᠶᠢᠨ ᠭᠠᠵᠠᠷ ᠵᠢᠴᠢ ᠣᠨᠴᠠᠭᠠᠢ ᠬᠡᠷᠡᠭᠯᠡᠬᠦ ᠭᠠᠵᠠᠷ 0.73 ᠲᠦᠮᠡᠨ ᠮᠦ ᠪᠠᠶᠢᠨ᠎ᠠ᠃       7. ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ 23.04 ᠲᠦᠮᠡᠨ ᠮᠦ᠃ ᠡᠭᠦᠨ ᠳᠤ᠄ ᠲᠡᠮᠦᠷ ᠵᠠᠮ ᠤᠨ ᠬᠡᠷᠡᠭᠯᠡᠬᠦ ᠭᠠᠵᠠᠷ 1.43 ᠲᠦᠮᠡᠨ ᠮᠦ᠂ ᠵᠠᠰᠠᠮᠠᠯ ᠵᠠᠮ ᠤᠨ ᠬᠡᠷᠡᠭᠯᠡᠬᠦ ᠭᠠᠵᠠᠷ 7.54 ᠲᠦᠮᠡᠨ ᠮᠦ᠂ ᠬᠥᠳᠡᠭᠡ ᠲᠣᠰᠬᠤᠨ ᠤ ᠵᠠᠮ ᠤᠨ ᠬᠡᠷᠡᠭᠯᠡᠬᠦ ᠭᠠᠵᠡᠷ 14.01 ᠲᠦᠮᠡᠨ ᠮᠦ᠂ ᠨᠢᠰᠬᠡᠯ ᠤᠨ ᠪᠠᠭᠤᠳᠠᠯ ᠤᠨ ᠬᠡᠷᠡᠭᠯᠡᠬᠦ ᠭᠠᠵᠠᠷ 0.05 ᠲᠦᠮᠡᠨ ᠮᠦ᠂ ᠳᠠᠮᠵᠢᠭᠤᠯᠬᠤ ᠬᠤᠭᠤᠯᠠᠢ ᠶᠢᠨ ᠲᠡᠭᠡᠭᠡᠪᠦᠷᠢ ᠶᠢᠨ ᠬᠡᠷᠡᠭᠯᠡᠬᠦ ᠭᠠᠵᠠᠷ 0.01 ᠲᠦᠮᠡᠨ ᠮᠦ ᠪᠠᠶᠢᠨ᠎ᠠ᠃       8. ᠤᠰᠤᠨ ᠤ ᠬᠥᠪᠡᠭᠡ ᠡᠷᠭᠢ ᠳᠠᠭᠠᠤ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠤᠰᠤᠨ ᠤ ᠬᠥᠪᠡᠭᠡ ᠡᠷᠭᠢ ᠳᠠᠭᠠᠤ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ 11.62 ᠲᠦᠮᠡᠨ ᠮᠦ᠃ ᠡᠭᠦᠨ ᠳᠤ᠄ ᠭᠤᠣᠯ ᠮᠥᠷᠡᠨ ᠤ ᠲᠠᠯᠠᠪᠠᠢ 3.71 ᠲᠦᠮᠡᠨ ᠮᠦ᠂ ᠨᠠᠭᠤᠷ ᠴᠥᠭᠦᠷᠥᠮ ᠤᠨ ᠲᠠᠯᠠᠪᠠᠢ 5.14 ᠲᠦᠮᠡᠨ ᠮᠦ᠂ ᠤᠰᠤᠨ ᠴᠥᠭᠦᠷᠥᠮ ᠤᠨ ᠲᠠᠯᠠᠪᠠᠢ 0.16 ᠲᠦᠮᠡᠨ ᠮᠦ᠂ ᠪᠠᠭ᠎ᠠ ᠴᠥᠬᠦᠷᠥᠮ ᠤᠨ ᠲᠠᠯᠠᠪᠠᠢ 2.30 ᠲᠦᠮᠡᠨ ᠮᠦ᠂ ᠭᠤᠸ ᠰᠤᠪᠠᠭ 0.23 ᠲᠦᠮᠡᠨ ᠮᠦ᠂ ᠤᠰᠤᠨ ᠠᠰᠢᠭᠯᠠᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ 0.08 ᠲᠦᠮᠡᠨ ᠮᠦ ᠪᠠᠶᠢᠨ᠎ᠠ᠃       ᠬᠤᠶᠠᠷ᠂ ᠭᠤᠣᠯ ᠪᠣᠯᠬᠤ ᠭᠠᠵᠠᠷ ᠤᠨ ᠲᠦᠷᠦᠯ ᠤᠨ ᠬᠤᠪᠢᠷᠠᠯᠲᠠ ᠶᠢᠨ ᠪᠠᠶᠢᠳᠠᠯ       1. ᠲᠠᠷᠢᠶᠠᠨ ᠭᠠᠵᠠᠷ᠃ ᠪᠥᠬᠦ ᠬᠤᠰᠢᠭᠤᠨ ᠤ ᠲᠠᠷᠢᠶᠠᠨ ᠭᠠᠵᠠᠷ 2022 ᠣᠨ ᠳᠤ 69.56 ᠲᠦᠮᠡᠨ ᠮᠦ ᠪᠠᠶᠢᠭᠰᠠᠨ ᠠᠴᠠ 2023 ᠣᠨ ᠳᠤ 70.30 ᠲᠦᠮᠡᠨ ᠮᠦ ᠪᠣᠯᠵᠤ᠂ 0.74 ᠲᠦᠮᠡᠨ ᠮᠦ ᠨᠡᠮᠡᠭᠳᠡᠪᠡ᠃ ᠡᠭᠦᠨ ᠳᠤ᠄ ᠤᠰᠤᠨ ᠲᠠᠷᠢᠶ᠎ᠠ 0.02 ᠲᠦᠮᠡᠨ ᠮᠦ ᠬᠠᠰᠤᠭᠳᠠᠵᠤ᠂ ᠤᠰᠤᠯᠠᠯᠲᠠ ᠶᠢᠨ ᠲᠠᠷᠢᠶ᠎ᠠ 0.76 ᠲᠦᠮᠡᠨ ᠮᠦ ᠨᠡᠮᠡᠭᠳᠡᠪᠡ᠃       2. ᠣᠶᠢᠲᠤ ᠭᠠᠵᠠᠷ᠃ ᠪᠥᠬᠦ ᠬᠤᠰᠢᠭᠤᠨ ᠤ ᠣᠶᠢᠲᠤ ᠭᠠᠵᠠᠷ 2022 ᠣᠨ ᠳᠤ 288.47 ᠲᠦᠮᠡᠨ ᠮᠦ ᠪᠠᠶᠢᠭᠰᠠᠨ ᠠᠴᠠ 2023 ᠣᠨ ᠳᠤ 288.63 ᠲᠦᠮᠡᠨ ᠮᠦ ᠪᠣᠯᠵᠤ᠂ 0.16 ᠲᠦᠮᠡᠨ ᠮᠦ ᠨᠡᠮᠡᠭᠳᠡᠪᠡ᠃ ᠲᠤᠷᠤᠭ ᠮᠣᠳᠣᠨ ᠤ ᠣᠶᠢᠲᠤ ᠭᠠᠵᠠᠷ 0.04 ᠲᠦᠮᠡᠨ ᠮᠦ ᠬᠠᠰᠤᠭᠳᠠᠵᠤ᠂ ᠪᠤᠲᠠ ᠮᠣᠳᠣᠨ ᠤ ᠣᠶᠢᠲᠤ ᠭᠠᠵᠠᠷ 0.21 ᠲᠦᠮᠡᠨ ᠮᠦ ᠨᠡᠮᠡᠭᠳᠡᠨ᠂ ᠪᠤᠰᠤᠳ ᠣᠶᠢᠲᠤ ᠭᠠᠵᠠᠷ 0.01 ᠲᠦᠮᠡᠨ ᠮᠦ ᠬᠠᠰᠤᠭᠳᠠᠪᠠ᠃       3. ᠪᠡᠯᠴᠢᠭᠡᠷ᠃ ᠪᠥᠬᠦ ᠬᠤᠰᠢᠭᠤᠨ ᠤ ᠪᠡᠯᠴᠢᠭᠡᠷ 2022 ᠣᠨ ᠳᠤ 2439.89 ᠲᠦᠮᠡᠨ ᠮᠦ ᠪᠠᠶᠢᠭᠰᠠᠨ ᠠᠴᠠ 2023 ᠣᠨ ᠳᠤ 2437.59 ᠲᠦᠮᠡᠨ ᠮᠦ ᠪᠣᠯᠵᠦ᠂ 2.30 ᠲᠦᠮᠡᠨ ᠮᠦ ᠬᠠᠰᠤᠭᠳᠠᠪᠠ᠃ ᠡᠭᠦᠨ ᠳᠤ ᠪᠠᠶᠢᠭᠠᠯᠢ ᠶᠢᠨ ᠪᠡᠯᠴᠢᠭᠡᠷ 0.76 ᠲᠦᠮᠡᠨ ᠮᠦ ᠬᠠᠰᠤᠭᠳᠠᠵᠤ᠂ ᠲᠠᠷᠢᠮᠠᠯ ᠪᠡᠯᠴᠢᠭᠡᠷ 1.19 ᠲᠦᠮᠡᠨ ᠮᠦ ᠬᠠᠰᠤᠭᠳᠠᠨ᠂ ᠪᠤᠰᠤᠳ ᠪᠡᠯᠴᠢᠭᠡᠷ 0.35 ᠲᠦᠮᠡᠨ ᠮᠦ ᠬᠠᠰᠤᠭᠳᠠᠪᠠ᠃                                                      ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                       2024 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ