ᠣᠲᠤᠭ ᠬᠤᠰᠢᠭᠤᠨ ᠤ 2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠶᠢ | ᠨᠡᠶᠢᠲᠡᠯᠡᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠣᠲᠤᠭ ᠵᠠᠰᠠᠭ ᠠᠯᠪᠠᠨ ᠲᠠᠷᠬᠠᠭᠠᠭᠰᠠᠨ ﹇2024﹈ 67 ᠳ᠋ᠤᠭᠠᠷ ᠲᠣᠭᠠᠲᠤ | | ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽2023 ᠣᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ﹇2023﹈ 38 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤ ᠣᠲᠤᠭ ᠬᠤᠰᠢᠭᠤᠨ ᠤ 2023 ᠣᠨ ᠤ ᠤᠯᠤᠰ ᠤᠨ ᠭᠠᠵᠠᠷ ᠰᠢᠷᠣᠢ ᠶᠢᠨ | ᠬᠤᠪᠢᠷᠠᠭᠠᠯᠲᠠ ᠶᠢᠨ ᠪᠠᠶᠢᠴᠠᠭᠠᠯᠲᠠ ᠶᠢᠨ ᠠᠵᠢᠯ ᠢ ᠠᠮᠵᠢᠯᠲᠠᠲᠠᠢ ᠪᠡᠶᠡᠯᠡᠭᠦᠯᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠭᠤᠣᠯ ᠪᠣᠯᠬᠤ ᠲᠤᠭ᠎ᠠ ᠪᠠᠷᠢᠮᠲᠠ ᠶᠢ ᠳᠣᠣᠷᠠᠬᠢ ᠮᠡᠲᠦ ᠨᠡᠶᠢᠲᠡᠯᠡᠶ᠎ᠡ᠃ | 2023 ᠣᠨ ᠤ ᠤᠯᠤᠰ ᠤᠨ ᠭᠠᠵᠠᠷ ᠰᠢᠷᠣᠢ ᠶᠢᠨ ᠬᠤᠪᠢᠷᠠᠭᠠᠯᠲᠠ ᠶᠢᠨ ᠪᠠᠶᠢᠴᠠᠭᠠᠯᠲᠠ ᠪᠠᠷ 7344 ᠵᠢᠷᠤᠭ ᠲᠣᠯᠪᠤ ᠶᠢ ᠬᠤᠪᠢᠷᠠᠭᠤᠯᠪᠠ᠃ 2024 | ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠠᠷ ᠤᠯᠤᠰ ᠠᠴᠠ ᠬᠠᠮᠤᠭ ᠡᠴᠦᠰ ᠤᠨ ᠦᠷ᠎ᠡ ᠪᠦᠲᠦᠭᠡᠯ ᠢ ᠲᠠᠷᠬᠠᠭᠠᠪᠠ᠃ | ᠨᠢᠭᠡ᠂ ᠭᠤᠣᠯ ᠪᠣᠯᠬᠤ ᠭᠠᠵᠠᠷ ᠤᠨ ᠲᠥᠷᠥᠯ ᠤᠨ ᠲᠤᠭ᠎ᠠ ᠪᠠᠷᠢᠮᠲᠠ | 1.ᠲᠠᠷᠢᠶᠠᠨ ᠭᠠᠵᠠᠷ᠃ ᠪᠥᠬᠦ ᠬᠤᠰᠢᠭᠤᠨ ᠤ ᠲᠠᠷᠢᠶᠠᠨ ᠭᠠᠵᠠᠷ 70.30 ᠲᠦᠮᠡᠨ ᠮᠦ᠃ ᠡᠭᠦᠨ ᠳᠤ᠄ ᠤᠰᠤᠨ ᠲᠠᠷᠢᠶ᠎ᠠ 0.57 ᠲᠦᠮᠡᠨ ᠮᠦ᠂ | ᠤᠰᠤᠯᠠᠯᠲᠠ ᠶᠢᠨ ᠲᠠᠷᠢᠶ᠎ᠠ 69.73 ᠲᠦᠮᠡᠨ ᠮᠦ ᠪᠠᠶᠢᠨ᠎ᠠ᠃ | 2. ᠴᠡᠴᠡᠷᠯᠢᠭᠵᠢᠭᠦᠯᠦᠭᠰᠡᠨ ᠭᠠᠵᠠᠷ᠃ ᠪᠥᠬᠦ ᠬᠤᠰᠢᠭᠤᠨ ᠤ ᠴᠡᠴᠡᠷᠯᠢᠭᠵᠢᠭᠦᠯᠦᠭᠰᠡᠨ ᠭᠠᠵᠠᠷ 0.14 ᠲᠦᠮᠡᠨ ᠮᠦ᠃ ᠡᠭᠦᠨ ᠳᠤ ᠵᠢᠮᠢᠰ ᠤᠨ ᠬᠦᠷᠢᠶᠡᠯᠡᠩ | 0.05 ᠲᠦᠮᠡᠨ ᠮᠦ᠂ ᠪᠤᠰᠤᠳ ᠴᠡᠴᠡᠷᠯᠢᠭᠵᠢᠭᠦᠯᠦᠭᠰᠡᠨ ᠭᠠᠵᠠᠷ 0.09 ᠲᠦᠮᠡᠨ ᠮᠦ ᠪᠠᠶᠢᠨ᠎ᠠ᠃ | 3. ᠣᠶᠢᠲᠤ ᠭᠠᠵᠠᠷ᠃ ᠪᠥᠬᠦ ᠬᠤᠰᠢᠭᠤᠨ ᠤ ᠣᠶᠢᠲᠤ ᠭᠠᠵᠠᠷ 288.63 ᠲᠦᠮᠡᠨ ᠮᠦ ᠃ ᠡᠭᠦᠨ ᠳᠤ᠄ ᠲᠤᠷᠤᠭ ᠮᠣᠳᠣᠨ ᠤ ᠣᠶᠢᠲᠤ ᠭᠠᠵᠠᠷ 7.70 | ᠲᠦᠮᠡᠨ ᠮᠦ᠂ ᠪᠤᠲᠠ ᠮᠣᠳᠣᠨ ᠤ ᠣᠶᠢᠲᠤ ᠭᠠᠵᠠᠷ 278.17 ᠲᠦᠮᠡᠨ ᠮᠦ᠂ ᠪᠤᠰᠤᠳ ᠣᠶᠢᠲᠤ ᠭᠠᠵᠠᠷ 2.76 ᠲᠦᠮᠡᠨ ᠮᠦ ᠪᠠᠶᠢᠨ᠎ᠠ᠃ | 4. ᠪᠡᠯᠴᠢᠭᠡᠷ᠃ ᠪᠥᠬᠦ ᠬᠤᠰᠢᠭᠤᠨ ᠤ ᠪᠡᠯᠴᠢᠭᠡᠷ 2437.59 ᠲᠦᠮᠡᠨ ᠮᠦ᠃ ᠡᠭᠦᠨ ᠳᠤ᠄ ᠪᠠᠶᠢᠭᠠᠯᠢ ᠶᠢᠨ ᠪᠡᠯᠴᠢᠭᠡᠷ 2399.66 ᠲᠦᠮᠡᠨ ᠮᠦ᠂ | ᠲᠠᠷᠢᠮᠠᠯ ᠪᠡᠯᠴᠢᠭᠡᠷ 7.06 ᠲᠦᠮᠡᠨ ᠮᠦ᠂ ᠪᠤᠰᠤᠳ ᠪᠡᠯᠴᠢᠭᠡᠷ 30.87 ᠲᠦᠮᠡᠨ ᠮᠦ ᠪᠠᠶᠢᠨ᠎ᠠ᠃ | 5. ᠨᠤᠭᠤ ᠭᠠᠵᠠᠷ᠃ ᠪᠥᠬᠦ ᠬᠤᠰᠢᠭᠤᠨ ᠤ ᠨᠤᠭᠤ ᠭᠠᠵᠠᠷ 11.57 ᠲᠦᠮᠡᠨ ᠮᠦ ᠃ ᠡᠭᠦᠨ ᠳᠤ ᠨᠠᠮᠤᠭ ᠭᠠᠵᠠᠷ 0.51 ᠲᠦᠮᠡᠨ ᠮᠦ᠂ ᠳᠣᠲᠣᠭᠠᠳᠤ | ᠬᠠᠭᠤᠷᠠᠢ ᠶᠢᠨ ᠲᠠᠩ ᠭᠠᠵᠠᠷ 11.06 ᠲᠦᠮᠡᠨ ᠮᠦ ᠪᠠᠶᠢᠨ᠎ᠠ᠃ | 6. ᠬᠤᠲᠠ ᠪᠠᠯᠭᠠᠰᠤ ᠭᠠᠴᠠᠭ᠎ᠠ ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠬᠤᠲᠠ ᠪᠠᠯᠭᠠᠰᠤ ᠭᠠᠴᠠᠭ᠎ᠠ | ᠲᠣᠰᠬᠤᠨ ᠵᠢᠴᠢ ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ 39.30 ᠲᠦᠮᠡᠨ ᠮᠦ᠃ ᠡᠭᠦᠨ ᠳᠤ᠄ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠨ | ᠪᠠᠶᠢᠭᠤᠯᠤᠭᠰᠠᠨ ᠰᠤᠮᠤ ᠪᠠᠯᠭᠠᠰᠤ 10.75 ᠲᠦᠮᠡᠨ ᠮᠦ᠂ ᠠᠶᠢᠯ ᠲᠣᠰᠬᠤᠨ 6.25 ᠲᠦᠮᠡᠨ ᠮᠦ᠂ ᠠᠭᠤᠷᠬᠠᠢ ᠮᠠᠯᠲᠠᠬᠤ ᠳᠤ ᠬᠡᠷᠡᠭᠯᠡᠬᠦ ᠭᠠᠵᠠᠷ 21.57 | ᠲᠦᠮᠡᠨ ᠮᠦ᠂ ᠨᠡᠷᠡᠲᠦ ᠦᠵᠡᠮᠵᠢ ᠶᠢᠨ ᠭᠠᠵᠠᠷ ᠵᠢᠴᠢ ᠣᠨᠴᠠᠭᠠᠢ ᠬᠡᠷᠡᠭᠯᠡᠬᠦ ᠭᠠᠵᠠᠷ 0.73 ᠲᠦᠮᠡᠨ ᠮᠦ ᠪᠠᠶᠢᠨ᠎ᠠ᠃ | 7. ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ 23.04 ᠲᠦᠮᠡᠨ | ᠮᠦ᠃ ᠡᠭᠦᠨ ᠳᠤ᠄ ᠲᠡᠮᠦᠷ ᠵᠠᠮ ᠤᠨ ᠬᠡᠷᠡᠭᠯᠡᠬᠦ ᠭᠠᠵᠠᠷ 1.43 ᠲᠦᠮᠡᠨ ᠮᠦ᠂ ᠵᠠᠰᠠᠮᠠᠯ ᠵᠠᠮ ᠤᠨ ᠬᠡᠷᠡᠭᠯᠡᠬᠦ ᠭᠠᠵᠠᠷ 7.54 ᠲᠦᠮᠡᠨ ᠮᠦ᠂ ᠬᠥᠳᠡᠭᠡ ᠲᠣᠰᠬᠤᠨ ᠤ | ᠵᠠᠮ ᠤᠨ ᠬᠡᠷᠡᠭᠯᠡᠬᠦ ᠭᠠᠵᠡᠷ 14.01 ᠲᠦᠮᠡᠨ ᠮᠦ᠂ ᠨᠢᠰᠬᠡᠯ ᠤᠨ ᠪᠠᠭᠤᠳᠠᠯ ᠤᠨ ᠬᠡᠷᠡᠭᠯᠡᠬᠦ ᠭᠠᠵᠠᠷ 0.05 ᠲᠦᠮᠡᠨ ᠮᠦ᠂ ᠳᠠᠮᠵᠢᠭᠤᠯᠬᠤ ᠬᠤᠭᠤᠯᠠᠢ ᠶᠢᠨ | ᠲᠡᠭᠡᠭᠡᠪᠦᠷᠢ ᠶᠢᠨ ᠬᠡᠷᠡᠭᠯᠡᠬᠦ ᠭᠠᠵᠠᠷ 0.01 ᠲᠦᠮᠡᠨ ᠮᠦ ᠪᠠᠶᠢᠨ᠎ᠠ᠃ | 8. ᠤᠰᠤᠨ ᠤ ᠬᠥᠪᠡᠭᠡ ᠡᠷᠭᠢ ᠳᠠᠭᠠᠤ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ᠃ ᠪᠥᠬᠦ ᠬᠤᠰᠢᠭᠤᠨ ᠤ ᠤᠰᠤᠨ ᠤ | ᠬᠥᠪᠡᠭᠡ ᠡᠷᠭᠢ ᠳᠠᠭᠠᠤ ᠵᠢᠴᠢ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠬᠦ ᠭᠠᠵᠠᠷ 11.62 ᠲᠦᠮᠡᠨ ᠮᠦ᠃ ᠡᠭᠦᠨ ᠳᠤ᠄ ᠭᠤᠣᠯ ᠮᠥᠷᠡᠨ ᠤ | ᠲᠠᠯᠠᠪᠠᠢ 3.71 ᠲᠦᠮᠡᠨ ᠮᠦ᠂ ᠨᠠᠭᠤᠷ ᠴᠥᠭᠦᠷᠥᠮ ᠤᠨ ᠲᠠᠯᠠᠪᠠᠢ 5.14 ᠲᠦᠮᠡᠨ ᠮᠦ᠂ ᠤᠰᠤᠨ ᠴᠥᠭᠦᠷᠥᠮ ᠤᠨ ᠲᠠᠯᠠᠪᠠᠢ 0.16 ᠲᠦᠮᠡᠨ ᠮᠦ᠂ ᠪᠠᠭ᠎ᠠ | ᠴᠥᠬᠦᠷᠥᠮ ᠤᠨ ᠲᠠᠯᠠᠪᠠᠢ 2.30 ᠲᠦᠮᠡᠨ ᠮᠦ᠂ ᠭᠤᠸ ᠰᠤᠪᠠᠭ 0.23 ᠲᠦᠮᠡᠨ ᠮᠦ᠂ ᠤᠰᠤᠨ ᠠᠰᠢᠭᠯᠠᠯᠲᠠ ᠶᠢᠨ ᠪᠠᠷᠢᠯᠭ᠎ᠠ ᠳᠤ ᠬᠡᠷᠡᠭᠯᠡᠬᠦ ᠭᠠᠵᠠᠷ 0.08 | ᠲᠦᠮᠡᠨ ᠮᠦ ᠪᠠᠶᠢᠨ᠎ᠠ᠃ | ᠬᠤᠶᠠᠷ᠂ ᠭᠤᠣᠯ ᠪᠣᠯᠬᠤ ᠭᠠᠵᠠᠷ ᠤᠨ ᠲᠦᠷᠦᠯ ᠤᠨ ᠬᠤᠪᠢᠷᠠᠯᠲᠠ ᠶᠢᠨ ᠪᠠᠶᠢᠳᠠᠯ | 1. ᠲᠠᠷᠢᠶᠠᠨ ᠭᠠᠵᠠᠷ᠃ ᠪᠥᠬᠦ ᠬᠤᠰᠢᠭᠤᠨ ᠤ ᠲᠠᠷᠢᠶᠠᠨ ᠭᠠᠵᠠᠷ 2022 ᠣᠨ ᠳᠤ 69.56 ᠲᠦᠮᠡᠨ ᠮᠦ ᠪᠠᠶᠢᠭᠰᠠᠨ ᠠᠴᠠ 2023 ᠣᠨ ᠳᠤ 70. | 30 ᠲᠦᠮᠡᠨ ᠮᠦ ᠪᠣᠯᠵᠤ᠂ 0.74 ᠲᠦᠮᠡᠨ ᠮᠦ ᠨᠡᠮᠡᠭᠳᠡᠪᠡ᠃ ᠡᠭᠦᠨ ᠳᠤ᠄ ᠤᠰᠤᠨ ᠲᠠᠷᠢᠶ᠎ᠠ 0.02 ᠲᠦᠮᠡᠨ ᠮᠦ ᠬᠠᠰᠤᠭᠳᠠᠵᠤ᠂ ᠤᠰᠤᠯᠠᠯᠲᠠ ᠶᠢᠨ ᠲᠠᠷᠢᠶ᠎ᠠ 0. | 76 ᠲᠦᠮᠡᠨ ᠮᠦ ᠨᠡᠮᠡᠭᠳᠡᠪᠡ᠃ | 2. ᠣᠶᠢᠲᠤ ᠭᠠᠵᠠᠷ᠃ ᠪᠥᠬᠦ ᠬᠤᠰᠢᠭᠤᠨ ᠤ ᠣᠶᠢᠲᠤ ᠭᠠᠵᠠᠷ 2022 ᠣᠨ ᠳᠤ 288.47 ᠲᠦᠮᠡᠨ ᠮᠦ ᠪᠠᠶᠢᠭᠰᠠᠨ ᠠᠴᠠ 2023 ᠣᠨ ᠳᠤ 288. | 63 ᠲᠦᠮᠡᠨ ᠮᠦ ᠪᠣᠯᠵᠤ᠂ 0.16 ᠲᠦᠮᠡᠨ ᠮᠦ ᠨᠡᠮᠡᠭᠳᠡᠪᠡ᠃ ᠲᠤᠷᠤᠭ ᠮᠣᠳᠣᠨ ᠤ ᠣᠶᠢᠲᠤ ᠭᠠᠵᠠᠷ 0.04 ᠲᠦᠮᠡᠨ ᠮᠦ ᠬᠠᠰᠤᠭᠳᠠᠵᠤ᠂ ᠪᠤᠲᠠ ᠮᠣᠳᠣᠨ ᠤ | ᠣᠶᠢᠲᠤ ᠭᠠᠵᠠᠷ 0.21 ᠲᠦᠮᠡᠨ ᠮᠦ ᠨᠡᠮᠡᠭᠳᠡᠨ᠂ ᠪᠤᠰᠤᠳ ᠣᠶᠢᠲᠤ ᠭᠠᠵᠠᠷ 0.01 ᠲᠦᠮᠡᠨ ᠮᠦ ᠬᠠᠰᠤᠭᠳᠠᠪᠠ᠃ | 3. ᠪᠡᠯᠴᠢᠭᠡᠷ᠃ ᠪᠥᠬᠦ ᠬᠤᠰᠢᠭᠤᠨ ᠤ ᠪᠡᠯᠴᠢᠭᠡᠷ 2022 ᠣᠨ ᠳᠤ 2439.89 ᠲᠦᠮᠡᠨ ᠮᠦ ᠪᠠᠶᠢᠭᠰᠠᠨ ᠠᠴᠠ 2023 ᠣᠨ ᠳᠤ 2437.59 | ᠲᠦᠮᠡᠨ ᠮᠦ ᠪᠣᠯᠵᠦ᠂ 2.30 ᠲᠦᠮᠡᠨ ᠮᠦ ᠬᠠᠰᠤᠭᠳᠠᠪᠠ᠃ ᠡᠭᠦᠨ ᠳᠤ ᠪᠠᠶᠢᠭᠠᠯᠢ ᠶᠢᠨ ᠪᠡᠯᠴᠢᠭᠡᠷ 0.76 ᠲᠦᠮᠡᠨ ᠮᠦ ᠬᠠᠰᠤᠭᠳᠠᠵᠤ᠂ ᠲᠠᠷᠢᠮᠠᠯ ᠪᠡᠯᠴᠢᠭᠡᠷ 1. | 19 ᠲᠦᠮᠡᠨ ᠮᠦ ᠬᠠᠰᠤᠭᠳᠠᠨ᠂ ᠪᠤᠰᠤᠳ ᠪᠡᠯᠴᠢᠭᠡᠷ 0.35 ᠲᠦᠮᠡᠨ ᠮᠦ ᠬᠠᠰᠤᠭᠳᠠᠪᠠ᠃ | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 11 ᠳ᠋ᠦ᠋ᠭᠡᠷ ᠰᠠᠷ᠎ᠠ ᠶᠢᠨ 28 ᠤ ᠡᠳᠦᠷ | |