ᠶᠡᠭᠡ ᠬᠤᠷᠠᠯ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ 3 ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ | ᠭᠠᠵᠠᠷ ᠲᠠᠭᠠᠨ ᠪᠦᠭᠦᠳᠡ ᠬᠤᠷᠠᠯ ᠬᠢᠪᠡ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ | ᠯᠢ ᠹᠧᠩ ᠬᠤᠷᠠᠯ ᠳᠤ ᠣᠷᠣᠯᠴᠠᠪᠠ᠃ | | | | | 3 ᠰᠠᠷ᠎ᠠ ᠶᠢᠨ 3 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠪᠡ᠃ | ︵ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ︶ | ᠬᠤᠷᠠᠯ ᠠᠴᠠ ᠰᠦᠨ ᠱᠤᠤ ᠴᠧᠩ ᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠪᠠᠷ ᠳᠡᠪᠰᠢᠭᠦᠯᠦᠨ ᠰᠣᠩᠭᠤᠵᠤ᠂ ᠸᠠᠩ ᠯᠢ | ᠰᠢᠶᠠ᠂ ᠯᠢᠦ ᠱᠤᠸᠠᠩ᠂ ᠢᠦᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠵᠧᠩ ᠬᠤᠩ ᠹᠠᠨ᠂ ᠶᠠᠩ ᠶᠢᠨ ᠢ ᠳᠡᠳ᠋ ᠪᠦᠯᠭᠦᠮ ᠤᠨ ᠳᠠᠷᠤᠭ᠎ᠠ ᠪᠠᠷ ᠳᠡᠪᠰᠢᠭᠦᠯᠦᠨ | ᠰᠣᠩᠭᠤᠪᠠ᠃ | ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠥᠰᠥᠯ᠂ ᠶᠡᠭᠡ ᠬᠤᠷᠠᠯ ᠤᠨ ᠵᠥᠪᠯᠡᠬᠦ ᠵᠦᠢᠯ ᠤᠨ ᠲᠥᠰᠥᠯ ᠢ | ᠬᠢᠨᠠᠨ ᠵᠥᠪᠯᠡᠵᠦ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠤᠷᠠᠯᠳᠤᠭᠤᠯᠤᠭᠰᠠᠨ ᠲᠥᠯᠥᠭᠡᠯᠡᠭᠴᠢᠳ ᠤᠨ ᠪᠦᠯᠭᠦᠮ ᠤᠨ ᠬᠤᠷᠠᠯᠳᠤᠭᠤᠯᠤᠭᠴᠢ ᠶᠢᠨ | ᠬᠤᠷᠠᠯ ᠤᠨ ᠵᠣᠷᠢᠭ ᠰᠠᠨᠠᠭ᠎ᠠ ᠪᠣᠯᠣᠨ ᠶᠡᠭᠡ ᠬᠤᠷᠠᠯ ᠤᠨ ᠬᠤᠯᠪᠣᠭᠳᠠᠯ ᠪᠦᠬᠦᠢ ᠮᠡᠳᠡᠭᠳᠡᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠥᠨᠳᠥᠷ ᠬᠥᠩᠭᠡᠨᠴᠠᠭᠠᠨ ᠤ | ᠨᠤᠨᠳᠠᠭ ᠨᠡᠭᠦᠷᠡᠰᠦᠨ ᠦᠨᠡᠰᠦ ᠶᠢᠨ ᠡᠷᠭᠢᠯᠲᠡᠲᠦ ᠠᠵᠤ ᠠᠬᠤᠢ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠲᠤᠬᠠᠢ ᠰᠠᠨᠠᠭᠤᠯᠭ᠎ᠠ︾ ᠶᠢ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠭᠦᠮ ᠤᠨ ᠪᠦᠭᠦ ᠪᠦᠯᠭᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠪᠠ᠃ | ᠰᠦᠨ ᠱᠤᠤ ᠴᠧᠩ᠂ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠣᠯ ᠪᠦᠭᠦ ᠤᠯᠤᠰ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ | ᠶᠠᠪᠤᠳᠠᠯ ᠪᠣᠯᠣᠨ᠎ᠠ᠂ ᠪᠢᠳᠡ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠬᠦ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠴᠠᠭ ᠢᠮᠠᠭᠲᠠ ᠭᠠᠵᠠᠷ ᠪᠣᠯᠭᠠᠨ ᠳᠤ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠲᠡᠷᠢᠭᠦᠨ ᠳᠤ | ᠲᠠᠯᠪᠢᠵᠤ᠂ ᠢᠮᠠᠭᠲᠠ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠬᠢᠨᠠᠨ ᠵᠥᠪᠯᠡᠬᠦ᠂ ᠪᠠᠲᠤᠯᠠᠯᠲᠠ ᠬᠢᠬᠦ᠂ ᠰᠠᠨᠠᠭᠤᠯᠭ᠎ᠠ | ᠳᠡᠪᠰᠢᠭᠦᠯᠬᠦ ᠵᠡᠷᠭᠡ ᠡᠷᠬᠡ ᠪᠠᠨ ᠰᠠᠶᠢᠲᠤᠷ ᠬᠡᠷᠡᠭᠵᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠳᠤ ᠪᠣᠳᠠᠲᠠᠢ ᠶᠢ ᠡᠷᠬᠢᠮᠯᠡᠭᠰᠡᠨ ᠠᠷᠭ᠎ᠠ ᠪᠣᠳᠣᠯᠭ᠎ᠠ ᠶᠢ ᠢᠯᠡᠭᠦᠬᠡᠨ ᠡᠷᠭᠦᠬᠦ ᠬᠡᠷᠡᠭᠲᠡᠢ᠃ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ | ᠰᠠᠬᠢᠵᠤ᠂ ᠶᠡᠭᠡ ᠬᠤᠷᠠᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠵᠦ᠂ ᠶᠡᠭᠡ ᠬᠤᠷᠠᠯ ᠤᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠰᠠᠶᠢᠲᠤᠷ | ᠪᠡᠶᠡᠯᠡᠭᠦᠯᠬᠦ ᠬᠡᠷᠡᠭᠲᠡᠢ ᠭᠡᠪᠡ᠃ | | |