ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠬᠦᠴᠦᠷᠬᠡᠭ ᠶᠡᠭᠡ ᠬᠠᠮᠲᠤᠷᠠᠯ ᠬᠦᠴᠦᠨ ᠢ ᠬᠤᠷᠠᠮᠳᠤᠭᠤᠯᠰᠤᠭᠠᠢ — ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ
ᠨᠡᠶᠢᠲᠡᠯᠡᠭᠰᠡᠨ ᠴᠠᠭ᠄
2025/3/4
       ᠤᠷᠢᠬᠠᠨ ᠬᠠᠪᠤᠷ ᠤᠨ ᠰᠠᠶᠢᠬᠠᠨ ᠤᠯᠠᠷᠢᠯ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠵᠦ᠂ 34 ᠡᠲᠡᠭᠡᠳ ᠢᠯᠭᠠᠯ ᠤᠨ 2100 ᠭᠠᠷᠤᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠡᠶᠢᠰᠯᠡᠯ ᠳᠤ ᠴᠤᠭᠯᠠᠷᠠᠵᠤ᠂ ᠤᠯᠤᠰ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠬᠦ ᠪᠣᠯᠣᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕      2024 ᠣᠨ ᠪᠣᠯ ᠮᠠᠰᠢ ᠶᠡᠷᠦ ᠪᠤᠰᠤ ᠶᠢᠨ ᠪᠠᠶᠢᠵᠤ᠂ ᠰᠠᠯᠬᠢ ᠪᠣᠷᠣᠭᠠᠨ ᠳᠠᠪᠬᠤᠴᠠᠭᠰᠠᠨ ᠰᠢᠯᠭᠠᠯᠲᠠ ᠲᠠᠢ ᠮᠥᠷᠲᠡᠭᠡᠨ ᠨᠡᠩ ᠴᠤ ᠰᠠᠯᠬᠢ ᠪᠣᠷᠣᠭᠠᠨ ᠢ ᠰᠥᠷᠦᠨ ᠤᠷᠤᠭᠰᠢᠯᠠᠭᠰᠠᠨ ᠲᠡᠮᠡᠴᠡᠯ ᠲᠠᠢ ᠶᠤᠮ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠪᠥᠭᠡᠳ ᠬᠦᠴᠦᠨ ᠲᠠᠢ ᠪᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠭᠢᠯᠪᠠᠷ ᠪᠤᠰᠤ ᠪᠠᠷ ᠢᠷᠡᠵᠦ᠂ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠯᠢᠪᠠ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ ᠭᠡᠳᠡᠭ ᠢ ᠭᠦᠢᠴᠡᠳ ᠭᠡᠷᠡᠴᠢᠯᠡᠵᠡᠢ᠃ 14 ᠳ᠋ᠦᠩᠰᠢᠭᠤᠷ ᠭᠠᠷᠤᠢ ᠠᠷᠠᠳ ᠲᠦᠮᠡᠨ ᠨᠠᠮ ᠤᠨ ᠤᠳᠤᠷᠢᠳᠤᠯᠭ᠎ᠠ ᠳᠣᠣᠷ᠎ᠠ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠨᠢᠭᠲᠠᠷᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠳᠠᠭ ᠯᠠ ᠶᠤᠮ ᠪᠣᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠶᠠᠯᠠᠯ ᠤᠨ ᠬᠥᠯᠭᠡ ᠣᠩᠭᠤᠴᠠ ᠯᠠᠪᠲᠠᠢ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃      ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠡᠬᠡ ᠣᠷᠣᠨ ᠲᠠᠢ ᠪᠠᠨ ᠬᠠᠮᠲᠤ ᠪᠠᠷ ᠡᠷᠡᠮᠡᠬᠡᠶᠢᠯᠡᠨ ᠤᠷᠤᠭᠰᠢᠯᠠᠵᠤ᠂ 75 ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠦᠯᠦᠭᠰᠡᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠦᠭᠡᠢ ᠢᠯᠡᠷᠡᠭᠦᠯᠪᠡ᠃ ᠥᠩᠭᠡᠷᠡᠭᠰᠡᠨ ᠨᠢᠭᠡ ᠵᠢᠯ ᠳᠤ ︽ᠤᠯᠤᠰ ᠤᠨ ᠶᠡᠭᠡ ᠶᠠᠪᠤᠳᠠᠯ︾ ᠲᠠᠢ ᠨᠢᠭᠲᠠ ᠤᠶᠠᠯᠳᠤᠭᠤᠯᠤᠨ ᠡᠯ᠎ᠡ ᠲᠦᠷᠦᠯ ᠤᠨ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠠᠴᠠ 6000 ᠭᠠᠷᠤᠢ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ︽ᠠᠷᠠᠳ ᠤᠨ ᠲᠥᠯᠥᠭᠡ ᠦᠢᠯᠡᠴᠢᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠭᠦᠷᠲᠡᠯ᠎ᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨᠴᠢ᠂ ᠪᠦᠲᠦᠮᠵᠢᠲᠡᠢ ᠂ ᠲᠤᠰᠠᠲᠠᠢ ᠪᠠᠶᠢᠭᠤᠯᠤᠯ ᠤᠨ ᠲᠣᠬᠢᠷᠠᠭᠤᠯᠤᠯᠲᠠ ᠪᠠᠶᠢᠵᠤ᠂ ᠭᠦᠨ ᠵᠤᠵᠠᠭᠠᠨ ᠰᠣᠶᠣᠯ ᠤᠨ ᠰᠠᠭᠤᠷᠢ᠂ ᠤᠨᠤᠯ ᠤᠨ ᠰᠠᠭᠤᠷᠢ᠂ ᠦᠢᠯᠡᠳᠦᠯᠭᠡ ᠶᠢᠨ ᠰᠠᠭᠤᠷᠢ ᠲᠠᠢ ᠪᠠᠶᠢᠵᠤ᠂ ᠢᠯᠡ ᠲᠣᠳᠣ ᠳᠤᠮᠳᠠᠳᠤ ᠤᠯᠤᠰ ᠤᠨ ᠣᠨᠴᠠᠯᠢᠭ ᠪᠠ ᠲᠣᠪᠣᠶᠢᠮ᠎ᠠ ᠤᠯᠤᠰ ᠲᠦᠷᠦ ᠶᠢᠨ ᠳᠠᠪᠠᠭᠤᠯᠢᠭ ᠲᠠᠢ ᠶᠤᠮ ᠭᠡᠳᠡᠭ ᠢ ᠦᠢᠯᠡᠳᠦᠯᠭᠡ ᠭᠡᠷᠡᠴᠢᠯᠡᠪᠡ᠃      ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠴᠡᠯᠮᠡᠭ ᠲᠤᠩᠭᠠᠯᠠᠭ ᠡᠳᠦᠷ ᠪᠠᠶᠢᠬᠤ ᠪᠠᠷ ᠪᠠᠷᠠᠬᠤ ᠦᠭᠡᠢ ᠪᠠᠰᠠ ᠲᠤᠬᠰᠢᠨ ᠰᠠᠯᠬᠢ ᠰᠢᠷᠦᠭᠦᠨ ᠪᠣᠷᠣᠭᠠᠨ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠴᠦ ᠪᠠᠶᠢᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ︾ ᠭᠡᠵᠦ ᠴᠢᠬᠤᠯᠠᠴᠢᠯᠠᠪᠠ᠃ ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠲᠠᠰᠤᠷᠠᠯᠲᠠ ᠦᠭᠡᠢ ᠥᠷᠭᠡᠵᠢᠨ ᠭᠦᠨᠵᠡᠭᠡᠶᠢᠷᠡᠵᠦ᠂ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠤᠷᠢᠳᠤ ᠡᠮᠦᠨ᠎ᠡ ᠪᠠᠶᠢᠭ᠎ᠠ ᠦᠭᠡᠢ ᠬᠦᠨᠳᠦ ᠪᠡᠷᠬᠡ ᠪᠠᠶᠢᠵᠤ᠂ ᠤᠯᠠᠮ ᠨᠢᠭᠡ ᠠᠯᠬᠤᠮ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠶᠢ ᠲᠤᠯᠭᠠᠮ ᠱᠠᠭᠠᠷᠳᠠᠵᠤ ᠪᠠᠶᠢᠨ᠎ᠠ᠃ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠮᠥᠷᠥᠨ ᠳᠤ ᠲᠠᠯᠪᠢᠭᠠᠰᠤᠲᠠᠢ᠃ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠵᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠣᠪᠣᠶᠢᠮ᠎ᠠ ᠤᠯᠤᠰ ᠲᠥᠷᠥ ᠶᠢᠨ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠪᠡᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠥᠷᠭᠡᠨ ᠳᠡᠯᠭᠡᠷ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃      ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠬᠤᠷᠠᠮᠳᠤᠭᠤᠯᠬᠤ ᠶᠢᠨ ᠵᠠᠩᠭᠢᠯᠠᠭ᠎ᠠ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠬᠤ ᠳᠤ ᠪᠤᠢ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠡᠨᠡ ᠨᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠳᠦᠯ ᠢᠶᠠᠨ ᠪᠠᠳᠠᠷᠠᠭᠤᠯᠬᠤ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠬᠤᠷᠠᠭᠰᠠᠨ ᠳᠠᠪᠠᠭᠤᠯᠢᠭ ᠲᠠᠢ ᠪᠠᠶᠢᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯ ᠨᠠᠮ ᠪᠠ ᠵᠠᠰᠠᠭ ᠤᠨ ᠣᠷᠳᠣᠨ ᠤ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠤᠰ ᠣᠷᠣᠨ ᠤ ᠪᠠᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠤ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠶᠢᠷ᠎ᠠ ᠰᠡᠳᠬᠢᠯᠭᠡ ᠶᠢ ᠡᠪᠦᠷᠯᠡᠨ᠂ ᠠᠵᠢᠯ ᠦᠢᠯᠡᠰ ᠢᠶᠠᠨ ᠰᠡᠳᠬᠢᠯ ᠳᠡᠭᠡᠨ ᠪᠤᠳᠤᠵᠤ᠂ ᠬᠠᠷᠢᠭᠤᠴᠠᠯᠭ᠎ᠠ ᠪᠠᠨ ᠮᠥᠷᠥᠨ ᠳᠡᠭᠡᠨ ᠡᠭᠦᠷᠭᠡᠯᠡᠨ᠂ ᠤᠬᠠᠮᠰᠠᠷ ᠠᠴᠠ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ᠂ ᠵᠥᠪᠯᠡᠬᠦ ᠠᠷᠠᠳᠴᠢᠯᠠᠯ᠂ ᠤᠯᠤᠰ ᠤᠨ ᠵᠠᠰᠠᠯᠲᠠ ᠶᠢᠨ ᠡᠮᠦᠨ᠎ᠡ ᠹᠷᠣᠨᠲ ᠤᠨ ᠪᠣᠳᠠᠲᠠᠢ ᠦᠢᠯᠡᠳᠦᠯᠭᠡ ᠳᠤ ᠣᠷᠣᠯᠴᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠢ ᠨᠢᠭᠲᠠ ᠤᠶᠠᠯᠳᠤᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠲᠥᠷᠥ ᠶᠢᠨ ᠶᠠᠪᠤᠳᠠᠯ ᠢ ᠵᠥᠪᠯᠡᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠭᠠᠷᠭᠠᠬᠤ ᠶᠢ ᠬᠦᠰᠡᠵᠦ ᠪᠠᠶᠢᠨ᠎ᠠ᠃      ᠵᠣᠷᠢᠭ ᠨᠢᠭᠡᠳᠦᠨ ᠮᠢᠩᠭᠠᠨ ᠪᠠᠷᠳᠠᠭ᠎ᠠ ᠶᠢ ᠲᠤᠭᠤᠯᠵᠦ᠂ ᠰᠡᠳᠬᠢᠯ ᠨᠢᠭᠲᠠᠷᠠᠨ ᠲᠦᠮᠡᠨ ᠪᠣᠭᠤᠮᠲᠠ ᠶᠢ ᠳᠠᠪᠠᠨ᠎ᠠ᠃ ᠤᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠠᠭ ᠪᠦᠭᠦ ᠲᠠᠯ᠎ᠠ ᠪᠠᠷ ᠠᠬᠢᠵᠤ᠂ ᠳᠤᠮᠳᠠᠳᠤ ᠶᠢᠨ ᠦᠨᠳᠦᠰᠦᠲᠡᠨ ᠬᠤᠷᠢᠭᠯᠠᠭᠳᠠᠰᠢ ᠦᠭᠡᠢ ᠠᠯᠬᠤᠭ᠎ᠠ ᠪᠠᠷ ᠠᠭᠤᠤ ᠶᠡᠭᠡ ᠰᠡᠷᠭᠦᠨ ᠮᠠᠨᠳᠤᠯᠲᠠ ᠲᠡᠶᠢᠰᠢ ᠤᠷᠤᠭᠰᠢᠯᠠᠵᠤ ᠪᠠᠶᠢᠨ᠎ᠠ᠃ ᠴᠠᠭ ᠦᠶ᠎ᠡ ᠠᠴᠠ ᠴᠡᠭᠡᠵᠢ ᠲᠡᠨᠢᠢᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠲᠦᠭ ᠲᠦᠮᠡᠨ ᠳᠤᠮᠳᠠᠳᠤ ᠶᠢᠨ ᠬᠥᠪᠡᠭᠦᠳ ᠥᠬᠢᠳ ᠭᠠᠷ ᠬᠤᠯᠪᠣᠨ ᠬᠠᠮᠲᠤ ᠪᠠᠷ ᠤᠷᠤᠭᠰᠢᠯᠠᠬᠤ ᠶᠢ ᠤᠷᠢᠶᠠᠯᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠲᠠᠰᠤᠷᠠᠯᠲᠠ ᠦᠭᠡᠢ ᠠᠬᠢᠭᠤᠯᠰᠤᠭᠠᠢ᠃      ᠶᠡᠭᠡ ᠬᠤᠷᠠᠯ ᠤᠨ ᠲᠡᠭᠦᠰ ᠠᠮᠵᠢᠯᠲᠠ ᠣᠯᠬᠤ ᠶᠢ ᠵᠥᠩᠨᠡᠶ᠎ᠡ︕ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ