ᠰᠢ ᠶᠢᠨ ᠫᠢᠩ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠰᠠᠭᠠᠲᠠᠵᠤ ᠪᠠᠶᠠᠷ ᠬᠦᠷᠭᠡᠪᠡ ᠸᠠᠩ | ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ ᠱᠢ ᠲᠠᠢ ᠹᠧᠩ ᠬᠤᠷᠠᠯ ᠢ ᠡᠷᠭᠢᠯᠡᠵᠠᠢ | ᠵᠢᠶᠠᠩ ᠽᠦᠸᠧ ᠵᠢᠶᠦ᠋ᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠦᠷᠯᠢᠭ ᠰᠠᠶᠢᠬᠠᠨ | ᠬᠠᠭᠤᠳᠠᠰᠤ ᠶᠢ ᠬᠠᠮᠲᠤ ᠪᠠᠷ ᠪᠢᠴᠢᠭᠯᠡᠵᠦ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠨ ᠴᠠᠭ ᠦᠶ᠎ᠡ ᠶᠢᠨ ᠰᠢᠨ᠎ᠡ ᠬᠠᠭᠤᠳᠠᠰᠤ ᠶᠢ ᠳᠠᠭᠢᠨ ᠵᠢᠷᠤᠭᠯᠠᠨ᠎ᠠ᠃ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ | ᠭᠤᠷᠪᠠᠳᠤᠭᠠᠷ ᠬᠤᠷᠠᠯ 4 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ 2000 ᠭᠠᠷᠤᠢ ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠨᠠᠮ ᠪᠠ ᠤᠯᠤᠰ ᠤᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ | ᠲᠦᠷᠦ ᠶᠢᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃ | | | | 3 ᠰᠠᠷ᠎ᠠ ᠶᠢᠨ 4 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ | ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 3 ᠰᠠᠷ᠎ᠠ ᠶᠢᠨ ᠪᠡᠭᠡᠵᠢᠩ ᠬᠤᠲᠠ ᠬᠠᠪᠤᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ | ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨᠲᠡᠢ ᠪᠠᠶᠢᠯ᠎ᠠ᠃ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ᠂ ᠬᠤᠷᠴᠠ ᠤᠯᠠᠭᠠᠨ ᠥᠩᠭᠡ ᠲᠠᠢ ᠠᠷᠪᠠᠨ ᠤᠯᠠᠭᠠᠨ | ᠲᠤᠭ ᠢ ᠬᠤᠶᠠᠷ ᠭᠠᠷᠯᠠᠨ ᠵᠢᠭᠰᠠᠭᠠᠪᠠ᠃ | | | | 3 ᠰᠠᠷ᠎ᠠ ᠶᠢᠨ 4 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠣᠯ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠤᠯᠴᠠᠬᠤ | ᠶᠣᠰᠣᠲᠠᠢ ᠭᠡᠰᠢᠭᠦᠨ 2154 ᠬᠥᠮᠥᠨ᠂ ᠪᠣᠳᠠᠲᠠᠢ ᠣᠷᠣᠯᠴᠠᠬᠰᠠᠨ ᠨᠢ 2110 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠸᠭᠨᠠᠮᠵᠢᠯ᠂ ᠾᠧ ᠾᠧᠦ ᠬᠤᠸᠠ᠂ | ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ | ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ | ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ | ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ᠃ | ᠦᠳᠡ ᠶᠢᠨ ᠬᠤᠶᠢᠨᠠᠬᠢ 3 ᠴᠠᠭ ᠲᠤ᠂ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ᠂ ᠣᠯᠠᠨ ᠢᠶᠠᠷ ᠢᠶᠠᠨ ᠪᠣᠰᠴᠤ ᠵᠣᠭᠰᠣᠨ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ | ᠭᠤᠷᠪᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ | ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ | ᠸᠠᠩ ᠬᠤ᠋ ᠨᠢᠩ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ | ᠬᠡᠷᠡᠭᠵᠢᠭᠦᠯᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠵᠣᠷᠢᠭ ᠪᠠ | ᠢᠲᠡᠭᠡᠯ ᠢ ᠨᠡᠩ ᠪᠠᠲᠤᠳᠬᠠᠪᠠ ᠭᠡᠵᠦ ᠢᠯᠡᠳᠬᠡᠵᠡᠢ᠃ | ᠸᠠᠩ ᠬᠤ᠋ ᠨᠢᠩ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠪᠡ᠃ ᠲᠡᠷᠡ᠂ 2024 ᠣᠨ | ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ | ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠤᠯᠤᠰ ᠲᠥᠷᠥ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ | ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠨᠠᠮ ᠪᠠ ᠤᠯᠤᠰ ᠤᠨ ᠭᠤᠣᠯ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ | ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠯᠤᠰ | ᠲᠦᠷᠦ ᠶᠢᠨ ᠵᠥᠪᠯᠡᠯᠭᠡᠨ ᠤ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ | ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠴᠢᠬᠤᠯᠠ ᠶᠡᠭᠡ ᠠᠰᠠᠭᠤᠳᠠᠯ ᠳᠡᠭᠡᠷ᠎ᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠰᠬᠠᠢ ᠵᠥᠪᠯᠡᠯ ᠤᠨ ᠰᠠᠭᠤᠷᠢᠯᠠᠬᠤ ᠴᠢᠨᠠᠷᠲᠠᠢ | ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ | ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠬᠥᠭᠵᠢᠭᠡᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠲᠠᠢ ᠪᠣᠯᠵᠠᠢ ᠭᠡᠵᠦ ᠬᠡᠯᠡᠪᠡ᠃ | ᠸᠠᠩ ᠬᠤ᠋ ᠨᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠠᠰᠠ ᠴᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠢᠯᠡᠳᠬᠡᠪᠡ᠃ | ᠸᠠᠩ ᠬᠤ᠋ ᠨᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠠᠢ ᠤᠶᠠᠯᠳᠤᠭᠤᠯᠤᠨ ᠲᠦᠷᠦ ᠶᠢᠨ ᠶᠠᠪᠤᠳᠠᠯ ᠢ ᠵᠥᠪᠯᠡᠨ ᠠᠷᠭ᠎ᠠ ᠤᠬᠠᠭᠠᠨ ᠭᠠᠷᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ | ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠵᠦ᠂ ᠵᠠᠪᠠᠯ ᠢᠯᠠᠯᠲᠠ ᠣᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠬᠦᠴᠦᠨ | ᠴᠢᠳᠠᠯ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠰᠢᠨ᠎ᠡ ᠳᠡᠭᠲᠡᠷ ᠲᠤ ᠭᠠᠷᠬᠤ ᠶᠢ | ᠠᠬᠢᠭᠤᠯᠵᠤ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠬᠥᠮᠥᠰ ᠤᠨ ᠰᠡᠳᠬᠢᠯ ᠢ ᠥᠷᠭᠡᠨ ᠢᠶᠠᠷ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ | ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠᠩ ᠽᠦᠸᠧ ᠵᠢᠶᠦ᠋ᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ᠂ ᠶᠡᠭᠡ ᠬᠤᠷᠠᠯ ᠳᠤ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ ᠬᠢᠪᠡ᠃ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ | ᠠᠴᠠ ᠨᠠᠭᠠᠰᠢ᠂ ᠨᠡᠶᠢᠲᠡ 6019 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ ᠬᠢᠨᠠᠨ ᠪᠠᠶᠢᠴᠠᠭᠠᠬᠤ ᠪᠠᠷ ᠳᠠᠮᠵᠢᠨ 5091 ᠬᠤᠪᠢ ᠶᠢ ᠨᠢ ᠬᠡᠷᠡᠭ ᠪᠣᠯᠭᠠᠨ | ᠳᠠᠩᠰᠠᠯᠠᠵᠤ᠂ 99.9% ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ᠃ ᠰᠠᠨᠠᠯ ᠳᠤᠷᠠᠳᠤᠯᠭ᠎ᠠ ᠨᠢ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠢ ᠨᠢᠭᠲᠠ ᠤᠶᠠᠯᠳᠤᠭᠤᠯᠤᠨ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠮᠵᠢ ᠣᠯᠠᠨ ᠰᠠᠨᠠᠯ ᠰᠠᠨᠠᠭᠤᠯᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠣᠯᠭᠠᠨ ᠣᠨᠳᠣᠣᠰᠢᠭᠤᠯᠵᠤ᠂ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠪᠠ | ᠳᠦᠷᠢᠮ ᠪᠢᠴᠢᠭ ᠮᠠᠲ᠋ᠧᠷᠢᠶᠠᠯ ᠳᠤ ᠨᠠᠶᠢᠳᠠᠪᠤᠷᠢᠵᠢᠭᠤᠯᠤᠭᠠᠳ᠂ ᠰᠠᠨᠠᠯ ᠳᠤᠷᠠᠳᠤᠯᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠢᠯᠡᠷᠡᠭᠦᠯᠪᠡ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ | ᠭᠠᠨ ᠵᠢᠶᠧ᠂ ᠯᠢ ᠱᠤ᠋ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ | ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ | ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ | ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠥᠩ ᠨᠠᠷ ᠪᠤᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠭᠢᠯᠡᠯᠲᠡ ᠶᠢᠨ | ᠬᠤᠷᠠᠯ ᠳᠤ ᠰᠤᠯᠠ ᠣᠷᠣᠯᠴᠠᠪᠠ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ | ᠤᠷᠢᠯᠭ᠎ᠠ ᠪᠠᠷ ᠡᠭᠢᠯᠡᠯᠲᠡ ᠶᠢᠨ ᠬᠤᠷᠠᠯ ᠳᠤ ᠣᠷᠣᠯᠴᠠᠪᠠ᠃ | | |