3 ᠰᠠᠷ᠎ᠠ ᠶᠢᠨ 3 ᠤ ᠡᠳᠦᠷ ᠬᠤᠷᠠᠯᠳᠤᠭᠤᠯᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦᠳᠡ ᠬᠤᠷᠠᠯ ᠠᠴᠠ ︽ᠶᠡᠭᠡ ᠬᠡᠮᠵᠢᠶᠡᠨ ᠤ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠥᠨᠳᠥᠷ ᠬᠥᠩᠭᠡᠨᠴᠠᠭᠠᠨᠲᠤ ᠨᠤᠨᠳᠠᠭ ᠨᠡᠭᠦᠷᠡᠰᠦᠨ ᠦᠨᠡᠰᠦ ᠶᠢᠨ ᠡᠷᠭᠢᠯᠲᠡᠲᠦ ᠠᠵᠤ | ᠠᠬᠤᠢ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠲᠤᠬᠠᠢ ᠰᠠᠨᠠᠭᠤᠯᠭ᠎ᠠ︾ ᠶᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠪᠦᠭᠦ | ᠪᠦᠯᠭᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠪᠠ᠃ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠶᠡᠭᠡ | ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠥᠨᠳᠥᠷ ᠬᠥᠩᠭᠡᠨᠴᠠᠭᠠᠨᠲᠤ ᠨᠤᠨᠳᠠᠭ ᠨᠡᠭᠦᠷᠡᠰᠦᠨ ᠦᠨᠡᠰᠦ ᠶᠢ | ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠲᠦᠷᠭᠡᠨ ᠬᠥᠭᠵᠢᠭᠦᠯᠬᠦ ᠨᠢ ᠤᠯᠤᠰ ᠤᠨ ᠬᠥᠩᠭᠡᠨᠴᠠᠭᠠᠨ ᠤ ᠡᠬᠢ ᠪᠠᠶᠠᠯᠢᠭ ᠤᠨ ᠠᠶᠤᠯ ᠦᠭᠡᠢ ᠶᠢ ᠪᠠᠲᠤᠯᠠᠬᠤ ᠳᠤ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ | ᠲᠠᠨᠢᠯᠴᠠᠭᠤᠯᠤᠭᠰᠠᠨ ᠢᠶᠠᠷ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ᠂ ᠥᠨᠳᠥᠷ | ᠬᠥᠩᠭᠡᠨᠴᠠᠭᠠᠨᠲᠤ ᠨᠤᠨᠳᠠᠭ ᠨᠡᠭᠦᠷᠡᠰᠦᠨ ᠦᠨᠡᠰᠦ ᠶᠢᠨ ᠡᠷᠭᠢᠯᠲᠡᠲᠦ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ᠂ ᠥᠪᠥᠷ ᠮᠣᠩᠭᠤᠯ ᠨᠢ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠷ ᠢᠯᠡᠷᠬᠡᠢ ᠪᠥᠭᠡᠳ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠲᠠᠢ ᠪᠣᠯᠵᠤ᠂ ᠣᠨᠳᠣᠣᠰᠢᠭᠤᠯᠤᠨ | ᠠᠰᠢᠭᠯᠠᠬᠤ ᠨᠥᠬᠦᠴᠡᠯ ᠨᠢ ᠪᠣᠯᠪᠠᠰᠤᠷᠠᠩᠭᠤᠢ ᠪᠣᠯᠤᠭᠰᠠᠨ ᠵᠡᠷᠭᠡ ᠢᠯᠡᠳᠲᠡ ᠳᠠᠪᠠᠭᠤᠯᠢᠭ ᠲᠠᠢ ᠶᠤᠮ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠡᠶᠢᠲᠡᠯᠡᠭᠰᠡᠨ ︽ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠰᠠᠨᠠᠯ︾ ᠳᠤ᠂ ᠣᠷᠳᠣᠰ ᠤᠨ ᠨᠤᠨᠳᠠᠭ ᠨᠡᠭᠦᠷᠡᠰᠦᠨ ᠦᠨᠡᠰᠦᠨ ᠠᠴᠠ ᠢᠰᠦᠯᠳᠦᠭᠰᠡᠨ ᠬᠥᠩᠭᠡᠨᠴᠠᠭᠠᠨ ᠢ ᠭᠠᠷᠭᠠᠨ ᠠᠪᠴᠤ ᠶᠡᠷᠦᠩᠬᠡᠶᠢᠯᠡᠨ | ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠴᠢᠬᠤᠯᠠ ᠡᠨᠧᠷᠭᠢ ᠶᠢᠨ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠳᠤ | ᠪᠠᠰᠠ᠂ ᠥᠨᠳᠥᠷ ᠬᠥᠩᠭᠡᠨᠴᠠᠭᠠᠨᠲᠤ ᠨᠤᠨᠳᠠᠭ ᠨᠡᠭᠦᠷᠡᠰᠦᠨ ᠦᠨᠡᠰᠦᠨ ᠠᠴᠠ ᠢᠰᠦᠯᠳᠦᠭᠰᠡᠨ ᠬᠥᠩᠭᠡᠨᠴᠠᠭᠠᠨ ᠢ ᠭᠠᠷᠭᠠᠨ ᠠᠪᠬᠤ᠂ ᠬᠥᠩᠭᠡᠨᠴᠠᠭᠠᠨ ᠴᠠᠬᠢᠭᠤᠷ ᠤᠨ | ᠬᠠᠶᠢᠯᠤᠰᠢ ᠵᠡᠷᠭᠡ ᠨᠤᠨᠳᠠᠭ ᠨᠡᠭᠦᠷᠡᠰᠦᠨ ᠦᠨᠡᠰᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠤᠯᠤᠰ ᠤᠨ ᠨᠤᠨᠳᠠᠭ | ᠨᠡᠭᠦᠷᠡᠰᠦᠨ ᠦᠨᠡᠰᠦ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃ ᠡᠭᠦᠨ ᠤ ᠬᠠᠮᠲᠤ᠂ | 20 ᠰᠢᠬᠠᠮ ᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠷ ᠳᠡᠮᠵᠢᠨ᠂ ᠥᠪᠥᠷ ᠮᠣᠩᠭᠤᠯ ᠨᠤᠨᠳᠠᠭ ᠨᠡᠭᠦᠷᠡᠰᠦᠨ | ᠦᠨᠡᠰᠦ ᠶᠢ ᠥᠨᠳᠥᠷ ᠥᠷᠲᠡᠭ ᠢᠶᠠᠷ ᠠᠰᠢᠭᠯᠠᠬᠤ ᠣᠯᠠᠨ ᠵᠤᠷᠪᠤᠰ ᠪᠣᠯᠣᠮᠵᠢᠲᠠᠢ ᠮᠡᠷᠭᠡᠵᠢᠯ ᠤᠨ ᠱᠤᠭᠤᠮ ᠢ ᠨᠢᠭᠡᠨᠲᠡ ᠬᠠᠶᠢᠨ ᠰᠦᠪᠡᠭᠴᠢᠯᠡᠭᠰᠡᠨ ᠪᠥᠭᠡᠳ ᠠᠩᠬ᠎ᠠ | ᠠᠯᠬᠤᠮ ᠪᠦᠷᠢᠯᠳᠦᠭᠦᠯᠵᠦ᠂ ᠣᠨᠳᠣᠣᠰᠢᠭᠤᠯᠤᠨ ᠠᠰᠢᠭᠯᠠᠬᠤ ᠨᠥᠬᠦᠴᠡᠯ ᠪᠣᠯᠪᠠᠰᠤᠷᠠᠩᠭᠤᠢ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠣᠷᠳᠣᠰ ᠬᠤᠲᠠ ᠶᠢᠨ | ᠵᠡᠭᠦᠨᠭᠠᠷ ᠤᠨ ᠨᠡᠭᠦᠷᠡᠰᠦᠨ ᠠᠭᠤᠷᠬᠠᠢ ᠶᠢᠨ ᠨᠡᠭᠦᠷᠡᠰᠦ᠂ ᠰᠢᠲᠠᠭᠠᠭᠰᠠᠨ ᠤ ᠳᠠᠷᠠᠭᠠᠬᠢ ᠨᠤᠨᠳᠠᠭ ᠨᠡᠭᠦᠷᠡᠰᠦᠨ ᠦᠨᠡᠰᠦᠨ ᠳᠠᠬᠢ ᠢᠰᠦᠯᠳᠦᠭᠰᠡᠨ ᠬᠥᠩᠭᠡᠨᠴᠠᠭᠠᠨ ᠤ | ᠠᠭᠤᠯᠤᠭᠳᠠᠴᠠ ᠨᠢ ᠪᠦᠭᠦ ᠤᠯᠤᠰ ᠤᠨ ᠨᠤᠨᠳᠠᠭ ᠨᠡᠭᠦᠷᠡᠰᠦᠨ ᠦᠨᠡᠰᠦᠨ ᠤ ᠢᠰᠦᠯᠳᠦᠭᠰᠡᠨ ᠬᠥᠩᠭᠡᠨᠴᠠᠭᠠᠨ ᠤ ᠳᠤᠮᠳᠠᠴᠢ ᠠᠭᠤᠯᠤᠭᠳᠠᠴᠠ ᠠᠴᠠ ᠬᠤᠯᠠ ᠥᠨᠳᠥᠷ | ᠪᠠᠶᠢᠵᠤ᠂ ᠳᠠᠯᠳᠠ ᠢᠰᠦᠯᠳᠦᠭᠰᠡᠨ ᠬᠥᠩᠭᠡᠨᠴᠠᠭᠠᠨ ᠤ ᠠᠭᠤᠯᠤᠭᠳᠠᠴᠠ ᠨᠢ ᠮᠠᠨ ᠤ ᠤᠯᠤᠰ ᠤᠨ ᠨᠢᠭᠡᠨᠲᠡ ᠬᠠᠶᠢᠨ ᠲᠣᠳᠣᠯᠠᠭᠰᠠᠨ ᠬᠥᠩᠭᠡᠨᠴᠠᠭᠠᠨ ᠤ ᠰᠢᠷᠣᠢ ᠶᠢᠨ | ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢᠨ 4 ᠳᠠᠭᠢᠨ ᠢᠯᠡᠭᠦᠦ ᠪᠠᠶᠢᠨ᠎ᠠ᠃ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠨᠳᠥᠷ ᠬᠥᠩᠭᠡᠨᠴᠠᠭᠠᠨᠲᠤ ᠨᠤᠨᠳᠠᠭ | ᠨᠡᠭᠦᠷᠡᠰᠦᠨ ᠦᠨᠡᠰᠦ ᠶᠢᠨ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠭᠦᠮ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠭᠰᠠᠨ ᠥᠪᠥᠷ ᠮᠣᠩᠭᠤᠯ ᠤᠨ | ᠥᠯᠢᠭᠡᠷ ᠳᠠᠭᠤᠷᠢᠶᠠᠯ ᠪᠤᠯᠬᠤ᠂ ᠵᠦᠷᠢᠶᠡᠴᠢᠯᠡᠭᠰᠡᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ︽ᠠᠵᠤ ᠦᠢᠯᠡᠰ ᠤᠨ ᠪᠦᠲᠦᠴᠡ ᠶᠢ | ᠲᠣᠬᠢᠷᠠᠭᠤᠯᠬᠤ ᠵᠢᠯᠤᠭᠤᠳᠬᠤ ᠭᠠᠷᠴᠠᠭ︾ ᠲᠤ ᠵᠠᠰᠠᠪᠤᠷᠢ ᠣᠷᠣᠭᠤᠯᠬᠤ᠂ ᠡᠬᠢ ᠪᠠᠶᠠᠯᠢᠭ ᠢ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠶᠢ ᠦᠷᠭᠦᠯᠵᠢᠯᠡᠨ ᠴᠢᠩᠭᠠᠳᠬᠠᠬᠤ ᠵᠡᠷᠭᠡ ᠲᠠᠯ᠎ᠠ ᠪᠠᠷ | ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ ᠥᠨᠳᠥᠷ ᠬᠥᠩᠭᠡᠨᠴᠠᠭᠠᠨᠲᠤ ᠨᠤᠨᠳᠠᠭ ᠨᠡᠭᠦᠷᠡᠰᠦᠨ | ᠦᠨᠡᠰᠦ ᠶᠢᠨ ᠡᠷᠭᠢᠯᠲᠡᠲᠦ ᠠᠵᠤ ᠠᠬᠤᠢ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ︾ ᠳᠤ ᠪᠣᠳᠠᠲᠠᠢ ᠰᠠᠨᠠᠭᠤᠯᠭ᠎ᠠ ᠳᠤᠷᠠᠳᠪᠠ᠃ | | | |