ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠬᠢᠯᠭᠠᠨ ᠮᠡᠳᠡᠭᠡ ᠤᠷᠢᠬᠠᠨ ᠬᠠᠪᠤᠷ ᠲᠤᠷᠤᠨ᠎ᠠ ᠶᠢᠨ ᠰᠠᠯᠬᠢ ᠢᠯᠪᠢᠬᠦᠶᠠ᠂ ᠠᠭᠤᠯᠠ ᠤᠰᠤ | ᠰᠢᠨ᠎ᠡ ᠥᠡᠭᠭᠡ ᠳᠦᠷᠬᠦ ᠢᠯᠡᠷᠡᠭᠦᠯᠦᠨ᠎ᠠ᠃ 3 ᠰᠠᠷ᠎ᠠ ᠶᠢᠨ 5 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠪᠡ᠃ 3000 ᠰᠢᠬᠠᠮ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠢᠳᠪᠦᠷᠢᠲᠦ | ᠢᠯᠠᠯᠲᠠ ᠶᠢ ᠤᠯᠬᠤ ᠳᠤ ᠰᠠᠨᠠᠯ ᠰᠠᠨᠠᠭᠤᠯᠭ᠎ᠠ ᠳᠤᠷᠠᠳᠴᠤ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ | ᠰᠦᠷ ᠳᠠᠯᠠᠶᠢᠴᠠᠲᠠᠢ ᠠᠶᠠᠨ ᠳᠤ ᠲᠡᠮᠡᠴᠡᠯ ᠤᠨ ᠬᠠᠷᠢᠭᠤᠴᠠᠯᠭ᠎ᠠ ᠡᠭᠦᠷᠭᠡᠯᠡᠯ ᠢ ᠪᠠᠲᠤ ᠴᠡᠭᠡᠵᠢᠯᠡᠵᠦ᠂ ᠢᠳᠡᠷᠡᠭᠦᠨ ᠠᠯᠬᠤᠭ᠎ᠠ ᠪᠠᠷ ᠭᠠᠪᠰᠢᠭᠠᠶᠢᠯᠠᠨ | ᠤᠷᠤᠭᠰᠢᠯᠠᠨ᠎ᠠ᠃ ᠮᠠᠷᠲᠠᠭᠳᠠᠰᠢ ᠦᠭᠡᠢ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠯᠤᠰ ᠲᠠᠶᠠᠭᠠᠷ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠮᠠᠰᠢ ᠤᠯᠠᠨ ᠶᠡᠭᠡ ᠶᠠᠪᠤᠳᠠᠯ ᠴᠢᠬᠤᠯᠠ | ᠶᠠᠪᠤᠳᠠᠯ ᠢ ᠪᠦᠲᠦᠭᠡᠵᠦ᠂ ᠮᠠᠰᠢ ᠤᠯᠠᠨ ᠬᠦᠴᠢᠷ ᠶᠠᠪᠤᠳᠠᠯ ᠪᠠᠴᠢᠮ ᠶᠠᠪᠤᠳᠠᠯ ᠢ ᠰᠢᠢᠳᠪᠦᠷᠢᠯᠡᠪᠡ᠃ ︽ᠴᠠᠭ ᠦᠶ᠎ᠡ ᠶᠢᠨ ᠰᠢᠨ᠎ᠡ ᠬᠠᠭᠤᠳᠠᠰᠤ︾ ᠪᠠᠷ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ᠬᠠᠮᠤᠭ ᠤᠨ ᠰᠠᠶᠢᠨ | ᠠᠵᠢᠯᠯᠠᠭ᠎ᠠ︾ ᠪᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠤᠨ ᠤᠯᠤᠰ ᠪᠠᠶᠢᠭᠤᠯᠤᠬᠳᠠᠬᠰᠡᠨ 75 ᠵᠢᠯ ᠤᠨ ᠤᠢ ᠶᠢ ᠪᠡᠯᠭᠡᠯᠡᠵᠤ᠂ ᠪᠢᠳᠡᠨ ᠤ ᠬᠠᠷᠠᠯᠲᠠ ᠨᠡᠩ ᠡᠷᠡᠰ | ᠪᠠᠲᠤ ᠪᠣᠯᠪᠠ︔ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠠᠮᠤ ᠪᠤᠳᠠᠭᠠᠨ ᠤ ᠤᠨᠠᠯᠲᠠ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠴᠠᠩ ᠧ ᠵᠢᠷᠭᠤᠳᠤᠭᠠᠷ᠂ | ᠱᠧᠨᠵᠧᠨ ᠠᠴᠠ ᠵᠦᠩᠱᠠᠨ ᠬᠦᠷᠬᠦ ᠲᠠᠯᠠᠢ ᠰᠤᠨᠳᠠᠯᠠᠬᠰᠡᠨ ᠵᠠᠮ ᠵᠡᠷᠭᠡ ᠰᠢᠨ᠎ᠠ ᠶᠢ ᠡᠭᠦᠳᠦᠭᠰᠡᠨ ᠦᠷ᠎ᠠ ᠪᠦᠲᠦᠭᠡᠯ ᠢ ᠤᠯᠵᠤ᠂ ︽ᠲᠣᠭᠲᠠᠭᠤᠨ︾ ᠤ ᠰᠠᠭᠤᠷᠢ ᠨᠡᠩ | ᠪᠠᠬᠢᠵᠢᠵᠦ᠂ ︽ᠤᠷᠤᠭᠰᠢᠯᠠᠯᠳᠠ︾ ᠶᠢᠨ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠴᠢᠩᠭᠠᠷᠠᠵᠤ᠂ ᠪᠢᠳᠡᠨ ᠤ ᠬᠥᠳᠡᠯᠭᠡᠬᠦ ᠬᠦᠴᠦᠨ ᠨᠡᠩ ᠬᠦᠴᠦᠷᠬᠡᠭᠵᠢᠪᠡ︔ | ᠣᠯᠢᠮᠫᠢᠺ ᠤᠨ ᠲᠠᠮᠢᠷ ᠤᠨ ᠴᠤᠭᠯᠠᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠡᠮᠦᠨ᠎ᠡ ᠲᠦᠮᠡᠨ ᠤᠯᠠᠨ ᠢᠶᠠᠷ ᠢᠶᠠᠨ | ᠵᠤᠷᠢᠭ ᠨᠢᠭᠡᠳᠦᠨ᠂ ᠤᠯᠠᠨ ᠤᠯᠤᠰ ᠤᠨ ᠲᠠᠪᠴᠠᠩ ᠳᠡᠭᠡᠷ᠎ᠡ ᠳᠤᠮᠳᠠᠳᠤ ᠤᠯᠤᠰ ᠤᠨ ᠵᠣᠷᠢᠯᠲᠠ ᠶᠢ ᠢᠯᠡ ᠲᠣᠳᠣᠷᠬᠠᠢ ᠳᠤᠷᠠᠳᠴᠤ᠂ ᠪᠢᠳᠡᠨ ᠤ ᠵᠣᠷᠢᠭ ᠰᠠᠨᠠᠭ᠎ᠠ | ᠨᠡᠩ ᠴᠤᠭ ᠪᠠᠳᠠᠷᠠᠩᠭᠤᠢ ᠪᠣᠯᠪᠠ᠃ | ᠥᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠲᠦᠢᠯ ᠤᠨ ᠬᠢᠯᠪᠠᠷ ᠪᠤᠰᠤ ᠪᠠᠶᠢᠵᠦ᠂ ᠬᠦᠮᠦᠰ ᠢ ᠤᠷᠮᠠᠰᠢᠭᠤᠯᠤᠨ ᠵᠤᠷᠢᠭᠵᠢᠭᠤᠯᠤᠨ᠎ᠠ᠂ ᠡᠨᠡ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ | ᠢᠯᠡᠳᠲᠡ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠵᠠᠮ ᠨᠡᠭᠡᠭᠡᠨ ᠤᠷᠤᠭᠰᠢᠯᠠᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠵᠠᠢ᠃ ᠶᠠᠭ ᠶᠡᠷᠦᠩᠬᠡᠢ ᠱᠦᠵᠢ ᠰᠢ ᠶᠢᠨ ᠫᠢᠩ ᠤᠨ | ᠭᠦᠨᠵᠡᠭᠡᠢ ᠵᠢᠭᠠᠵᠤ ᠭᠠᠷᠭᠠᠭᠰᠠᠨᠴᠢᠯᠠᠨ᠄ ︽ᠪᠢᠳᠡ ᠢᠲᠡᠭᠡᠯ ᠵᠣᠷᠢᠭ ᠢᠶᠠᠨ ᠭᠤᠶᠢᠪᠢᠰᠢ ᠦᠭᠡᠢ ᠪᠠᠲᠤᠳᠬᠠᠵᠤ᠂ ᠵᠥᠷᠢᠴᠡᠯ ᠠᠰᠠᠭᠤᠳᠠᠯ ᠠᠴᠠ ᠵᠠᠶᠢᠯᠠᠬᠤ ᠦᠭᠡᠢ ᠪᠠᠷ | ᠰᠢᠭᠤᠳ ᠬᠠᠨᠳᠤᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠤᠬᠤᠷᠢᠯ ᠦᠭᠡᠢ ᠪᠠᠷ ᠠᠷᠭᠠᠴᠠᠭᠠᠳᠠᠭ ᠯᠡ ᠶᠤᠮ ᠪᠣᠯ ᠥᠭᠡᠷᠡᠴᠢᠯᠡᠯᠲᠡ ᠬᠥᠭᠵᠢᠯᠲᠡ ᠶᠢᠨ ᠰᠢᠨ᠎ᠡ | ᠣᠷᠣᠨ ᠵᠠᠢ ᠶᠢ ᠯᠠᠪᠲᠠᠢ ᠨᠡᠭᠡᠭᠡᠵᠦ ᠴᠢᠳᠠᠨ᠎ᠠ︕︾ | ᠪᠠᠶᠢᠭᠤᠯᠤᠯ ᠲᠣᠭᠲᠠᠭᠤᠨ ᠪᠣᠯᠪᠠᠰᠤ ᠤᠯᠤᠰ ᠣᠷᠣᠨ ᠲᠣᠭᠲᠠᠭᠤᠨ ᠪᠤᠯᠤᠮᠤᠢ᠂ ᠪᠠᠶᠢᠭᠤᠯᠤᠯ ᠬᠦᠴᠦᠷᠭᠡᠭ ᠪᠣᠯᠪᠠᠰᠤ ᠤᠯᠤᠰ ᠣᠷᠣᠨ ᠬᠦᠴᠦᠷᠬᠡᠭ ᠪᠤᠯᠤᠮᠤᠢ᠃ | 70 ᠭᠠᠷᠤᠢ ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠳᠤᠮᠳᠠᠳᠤ ᠤᠯᠤᠰ ᠤᠨ | ᠡᠬᠡ ᠭᠠᠵᠠᠷ ᠲᠤ ᠪᠠᠲᠤ ᠦᠨᠳᠦᠰᠦᠯᠡᠵᠦ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤ ᠭᠦᠨᠵᠡᠭᠡᠢ | ᠠᠭᠤᠰᠤᠯᠴᠠᠵᠤ᠂ ︽ᠬᠤᠶᠠᠷ ᠶᠡᠭᠡ ᠭᠠᠶᠢᠬᠠᠮᠰᠢᠭ︾ ᠢ ᠡᠭᠦᠳᠬᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ ᠥᠩᠭᠡᠷᠡᠭᠰᠡᠨ ᠨᠢᠭᠡ ᠵᠢᠯ ᠳᠤ᠂ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ | ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ ᠦᠨᠳᠦᠰᠦᠨ ᠬᠠᠤᠯᠢ ᠶᠢᠨ | ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠵᠤ᠂ ᠴᠢᠨᠠᠷ ᠰᠠᠶᠢᠲᠠᠶ ᠬᠠᠤᠯᠢ ᠲᠣᠭᠲᠠᠭᠠᠯᠲᠠ ᠪᠠᠷ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠦᠢᠯᠡᠴᠢᠯᠡᠵᠤ᠂ | ᠪᠦᠲᠦᠮᠵᠢᠲᠡᠢ ᠬᠢᠨᠠᠯᠲᠠ ᠪᠠᠷ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠯᠴᠠᠭ᠎ᠠ ᠪᠠᠷ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ | ᠦᠢᠯᠡᠴᠢᠯᠡᠵᠤ᠂ ᠡᠯ᠎ᠡ ᠵᠦᠢᠯ ᠤᠨ ᠠᠵᠢᠯ ᠰᠢᠨ᠎ᠡ ᠠᠬᠢᠯᠳᠠ ᠪᠠ ᠰᠢᠨ᠎ᠡ ᠦᠷ᠎ᠡ ᠪᠦᠲᠦᠮᠵᠢ ᠤᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠰᠢᠨ᠎ᠡ ᠬᠤᠪᠢ ᠨᠡᠮᠡᠷᠢ ᠦᠵᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ ᠤᠨ ᠪᠠᠶᠢᠳᠠᠯ ᠪᠠ | ᠪᠣᠳᠠᠲᠤ ᠪᠠᠶᠢᠳᠠᠯ ᠳᠤ ᠨᠡᠶᠢᠴᠡᠭᠰᠡᠨ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠦᠭᠰᠡᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ | ᠪᠠᠲᠤᠯᠠᠭᠰᠠᠨ ᠰᠠᠶᠢᠨ ᠪᠠᠶᠢᠭᠤᠯᠤᠯ ᠮᠥᠨ᠂ ᠪᠦᠬᠦ ᠠᠷᠠᠳ ᠲᠦᠮᠡᠨ ᠤ ᠬᠦᠴᠦᠨ ᠢ ᠪᠦᠲᠦᠮᠵᠢᠲᠡᠢ ᠨᠢᠭᠲᠠᠷᠠᠭᠤᠯᠵᠤ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ ᠴᠢᠳᠠᠬᠤ ᠰᠠᠶᠢᠨ ᠪᠠᠶᠢᠭᠤᠯᠤᠯ ᠮᠥᠨ ᠭᠡᠳᠡᠭ ᠢ ᠦᠢᠯᠡᠳᠦᠯᠭᠡ ᠬᠠᠷᠠᠭᠤᠯᠪᠠ᠃ | ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠶᠢᠬᠠᠨ ᠵᠢᠷᠤᠭ ᠳᠦᠷᠰᠦ ᠶᠢ | ᠳᠡᠯᠭᠡᠨ ᠦᠵᠡᠭᠦᠯᠦᠭᠰᠡᠨ ᠪᠥᠭᠡᠳ ᠬᠢᠵᠠᠭᠠᠯᠠᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠲᠠᠢ ᠪᠣᠯᠵᠠᠢ᠃ ᠣᠳᠣᠬᠠᠨ ᠤ ᠳᠡᠯᠡᠬᠡᠢ ᠶᠢᠷᠲᠢᠨᠴᠦ ᠳᠤ | ᠬᠤᠪᠢᠰᠤᠯᠳᠠ ᠰᠠᠮᠠᠭᠤᠷᠠᠯ ᠰᠣᠯᠪᠢᠴᠠᠵᠤ᠂ ᠵᠠᠭᠤᠨ ᠵᠢᠯ ᠳᠤ ᠲᠤᠬᠢᠶᠠᠯᠳᠤᠭ᠎ᠠ ᠦᠭᠡᠢ ᠬᠤᠪᠢᠰᠤᠯᠳᠠ ᠲᠦᠷᠭᠡᠰᠴᠤ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ | ᠲᠦᠭᠰᠢᠭᠦᠷᠢ ᠥᠷᠢᠰᠥᠯᠳᠦᠭᠡᠨ ᠪᠣᠯᠤᠨ ᠲᠣᠭᠲᠠᠯᠭᠠᠳᠤ ᠪᠤᠰᠤ ᠬᠦᠴᠦᠨ ᠵᠦᠢᠯ ᠢ ᠢᠯᠠᠨ ᠳᠠᠪᠠᠭ᠋ᠤ ᠳᠤ᠂ ᠨᠡᠩ ᠴᠤ ︽ᠤᠷᠬᠢᠯ ᠳᠤᠷ ᠠᠪᠠᠷᠢᠬᠤ ᠳᠤ ᠪᠡᠷᠭᠡ ᠠᠴᠠ | ᠦᠯᠤ ᠠᠶᠤᠬᠤ︾ ᠡᠷᠴᠢ ᠵᠣᠷᠢᠭ ᠪᠠᠶᠢᠬᠤ ᠬᠡᠷᠡᠭᠲᠡᠢ᠃ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠠᠯᠢᠪᠠ ᠬᠦᠴᠢᠷ ᠪᠡᠷᠬᠡᠰᠢᠶᠡᠯ | ᠥᠷᠢᠰᠥᠯᠳᠦᠭᠡᠨ ᠢ ᠢᠯᠠᠨ ᠳᠠᠪᠠᠭ᠋ᠤ ᠬᠠᠮᠤᠭ ᠤᠨ ᠶᠡᠭᠡ ᠲᠦᠰᠢᠭ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠲᠦᠭ ᠲᠦᠮᠡᠨ ᠠᠷᠠᠳ | ᠲᠦᠮᠡᠨ ᠤ ᠥᠪᠡᠷ ᠤᠨ ᠬᠢᠨᠢ ᠦᠢᠯᠡᠰ ᠮᠥᠨ᠂ ᠭᠠᠭᠴᠠ ᠬᠦ ᠠᠷᠠᠳ ᠲᠦᠮᠡᠨ ᠢ ᠴᠢᠩᠭ᠎ᠠ ᠲᠦᠰᠢᠭᠯᠡᠪᠡᠯ ᠰᠠᠶ᠋ᠢ ᠲᠡᠦᠬᠡ ᠶᠢᠨ ᠰᠢᠨ᠎ᠡ ᠠᠭᠤᠤ ᠦᠢᠯᠡᠰ ᠢ ᠲᠠᠰᠤᠷᠠᠯᠳᠠ | ᠦᠭᠡᠢ ᠡᠭᠦᠳᠦᠨ ᠪᠦᠲᠦᠭᠡᠵᠦ ᠴᠢᠳᠠᠨ᠎ᠠ᠃ ᠰᠢᠨ᠎ᠡ ᠠᠶᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠭᠡᠬᠦ ᠡᠨᠡ ᠬᠦ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ | ᠰᠠᠶᠢᠲᠤᠷ ᠬᠡᠷᠡᠭᠵᠢᠭᠦᠯᠵᠦ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ | ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠡᠨᠡ ᠬᠦ ᠪᠠᠶᠢᠭᠤᠯᠤᠯ ᠤᠨ ᠢᠯᠡᠳᠲᠡ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠪᠠᠯ᠂ ᠯᠠᠪᠲᠠᠢ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠵᠤ ᠴᠢᠳᠠᠨ᠎ᠠ᠃ | ᠪᠦᠬᠦ ᠤᠯᠤᠰ ᠤᠨ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠪᠣᠯ ᠮᠠᠨ ᠤ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠤᠮᠤ | ᠶᠠᠪᠤᠳᠠᠯ ᠮᠥᠨ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠥᠯᠥᠪᠵᠢᠭᠦᠯᠬᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ᠂ ᠮᠥᠨ ᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠳᠠᠯ᠎ᠡ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠤᠨ᠎ᠠ᠃ | ᠵᠠᠩᠭᠢᠯᠠᠭ᠎ᠠ ᠶᠢᠨ ᠵᠢᠯ ᠳᠤ ᠵᠠᠩᠭᠢᠯᠠᠭ᠎ᠠ ᠶᠢᠨ ᠠᠷᠭ᠎ᠠ ᠪᠤᠳᠤᠯᠭ᠎ᠠ ᠶᠢ ᠰᠦᠪᠡᠭᠴᠢᠯᠡᠵᠦ᠂ ᠵᠠᠩᠭᠢᠯᠠᠭ᠎ᠠ ᠶᠢᠨ ᠠᠵᠢᠯ ᠢ ᠬᠢᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠡᠷᠬᠢᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠶᠢ ᠠᠬᠢᠭᠤᠯᠬᠤ ᠪᠤᠢ︖ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠣᠯᠤᠨ ᠭᠠᠳᠠᠭᠠᠳᠤ ᠣᠷᠴᠢᠨ ᠤ ᠳᠠᠭᠠᠷᠢᠯᠳᠠ ᠶᠢ ᠬᠡᠷᠬᠢᠨ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢ ᠬᠦᠳᠦᠯᠦᠨ ᠳᠠᠭᠠᠭᠤᠯᠬᠤ ᠪᠤᠢ︖ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠬᠡᠷᠬᠢᠨ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ | ᠲᠠᠯᠪᠢᠬᠤ ᠪᠣᠶ︖ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠪᠡᠯ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠯᠠᠪᠲᠠᠢ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ | ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠥᠷᠭᠡᠨ ᠤᠯᠠᠨ ᠲᠥᠯᠥᠭᠡᠯᠡᠭᠴᠢ ᠨᠠᠮ ᠪᠠ ᠤᠯᠤᠰ ᠠᠴᠠ ᠠᠷᠠᠳ | ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ︽ᠰᠠᠶᠢᠨ ᠠᠷᠭ᠎ᠠ︾ ᠶᠢ ᠢᠯᠡᠭᠦᠬᠡᠨ ᠭᠠᠷᠭᠠᠵᠤ᠂ ᠳᠤᠮᠳᠠᠳᠤ | ᠤᠯᠤᠰ ᠤᠨ ᠬᠥᠭᠵᠢᠯᠲᠡ ᠲᠠᠪᠰᠢᠯᠳᠠ ᠶᠢᠨ ︽ᠢᠷᠠᠭᠤ ᠳᠠᠭᠤᠨ︾ ᠢ ᠳᠠᠮᠵᠢᠭᠤᠯᠬᠤ ᠶᠢ ᠬᠦᠰᠡᠵᠦ ᠪᠠᠶᠢᠨ᠎ᠠ᠃ | ᠠᠶᠠᠨ ᠵᠠᠮ ᠳᠤ ᠬᠦᠴᠢᠷ ᠪᠡᠷᠬᠡ ᠤᠯᠠᠨᠳᠠᠢ ᠴᠤ ᠯᠠᠪᠳᠠᠭᠤᠨ ᠪᠠᠲᠤᠲᠠᠶ ᠪᠠᠷ ᠢᠷᠡᠭᠡᠳᠦᠶ ᠵᠦᠭ ᠤᠷᠤᠭᠰᠢᠯᠠᠨ᠎ᠠ᠃ ᠠᠤᠭ᠎ᠠ ᠬᠠᠷᠠᠯᠲᠠ ᠲᠡᠶᠢᠰᠢ ᠦᠷᠭᠦᠯᠵᠢᠯᠡᠨ | ᠤᠷᠤᠭᠰᠢᠯᠠᠬᠤ ᠳᠤ ᠪᠢᠳᠡ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ᠂ ᠥᠷᠢᠰᠥᠯᠳᠦᠭᠡᠨ ᠢ ᠢᠯᠠᠨ ᠳᠠᠪᠠᠭ᠋ᠤ ᠪᠠᠲᠤ ᠴᠢᠩᠭ᠎ᠠ ᠲᠤᠯᠭᠠᠭᠤᠷᠢᠯᠠᠯ ᠲᠠᠢ᠂ | ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠦᠴᠦᠷᠬᠡᠭ ᠶᠡᠭᠡ ᠢᠳᠡ ᠬᠦᠴᠦᠨ ᠲᠠᠢ ᠶᠤᠮ᠃ ᠰᠢ ᠶᠢᠨ ᠫᠢᠩ ᠨᠥᠬᠦᠷ ᠢᠶᠠᠷ ᠭᠤᠤᠯ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ | ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠡᠪᠦᠷᠯᠡᠵᠦ᠂ ᠵᠠᠮ ᠨᠡᠭᠡᠭᠡᠨ | ᠤᠷᠤᠭᠰᠢᠯᠠᠨ ᠳᠡᠪᠰᠢᠵᠦ᠂ ᠰᠢᠷᠭᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯ ᠬᠤᠷᠢᠶᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ | ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠵᠥᠩᠨᠡᠶ᠎ᠡ︕ | | | |