ᠰᠣ᠋ ᡁᠢ ᠰᠢᠶᠦ᠋ᠡᠭ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠠᠶᠤᠯᠭᠦᠢ ᠦᠢᠯᠡᠳᠪᠦᠷᠢᠯᠡᠯ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/6
      3 ᠳ᠋ᠤᠭᠠᠷ ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠠᠶᠤᠯᠭᠦᠢ ᠦᠢᠯᠡᠳᠪᠦᠷᠢᠯᠡᠯ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃       ᠰᠣ᠋ ᡁᠢ ᠰᠢᠶᠦ᠋ᠡᠭ ᠤᠲᠤᠭ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠬᠦᠷᠴᠦ᠂ ᠰᠠᠭᠤᠷᠢᠨ ᠭᠠᠵᠠᠷ ᠤᠨ ᠡᠵᠡᠩᠨᠡᠯᠲᠡ ᠶᠢᠨ ᠵᠠᠭᠪᠤᠷ᠂ ᠲᠥᠬᠦᠭᠡᠷᠦᠮᠵᠢ ᠶᠢᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠵᠠᠭᠪᠤᠷ᠂ ᠬᠠᠮᠢᠶᠠᠷᠤᠯᠲᠠ ᠶᠢᠨ ᠰᠢᠰᠲ᠋ᠧᠮ ᠵᠡᠷᠭᠡ ᠠᠭᠤᠯᠭ᠎ᠠ ᠶᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠠᠭᠤᠷᠢᠨ ᠭᠠᠵᠠᠷ ᠤᠨ ᠴᠢᠳᠠᠮᠵᠢ᠂ ᠪᠣᠯᠪᠠᠰᠤᠷᠠᠯ ᠤᠨ ᠬᠦᠴᠦᠨ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠪᠣᠯᠪᠠᠰᠤᠷᠠᠯ ᠤᠨ ᠬᠡᠯᠪᠡᠷᠢ ᠪᠣᠯᠣᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠪᠣᠯᠪᠠᠰᠤᠷᠠᠯ ᠤᠨ ᠬᠠᠨᠳᠤᠯᠭᠠᠲᠤ ᠴᠢᠨᠠᠷ ᠬᠢᠭᠡᠳ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠤᠷ᠎ᠠ ᠴᠢᠳᠠᠪᠤᠷᠢ ᠶᠢ ᠡᠵᠡᠮᠰᠢᠬᠦ᠂ ᠠᠳᠡᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠶᠤᠯ ᠶᠡᠬᠡᠲᠡᠢ ᠠᠵᠢᠯ ᠲᠥᠷᠥᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢᠶᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃       ᠴᠢ ᠫᠠᠠ ᠵᠢᠩ ᠠᠴᠠ ᠴᠡᠭᠡᠯ ᠤᠨ ᠠᠭᠤᠯᠠ ᠬᠦᠷᠬᠦ ᠵᠠᠮ ᠤᠨ ᠲᠣᠭᠤᠰᠣ ᠳᠡᠭᠳᠡᠬᠦ ᠶᠢ ᠵᠠᠰᠠᠭᠰᠠᠨ ᠪᠠᠶᠢᠳᠠᠯ᠂ ᠣᠷᠳᠣᠰ ᠤᠨ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠡᠾᠯᠤᠷᠲᠤ  ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤ ᠶᠢᠨ ᠬᠤᠪᠢᠶᠠᠷᠢ ᠺᠣᠮᠫᠠᠨᠢ ᠶᠢᠨ ᠡᠳ᠋ ᠮᠠᠲ᠋ᠧᠷᠢᠶᠠᠯ ᠢ ᠪᠦᠷᠢᠨ ᠪᠢᠲᠡᠭᠦᠮᠵᠢᠯᠡᠭᠰᠡᠨ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠡᠾᠯᠤᠷᠲᠤ ᠬᠤᠵᠢᠷ ᠤᠨ ᠬᠢᠮᠢ ᠶᠢᠨ ᠠᠵᠤ ᠦᠢᠯᠡᠳᠪᠦᠷᠢ ᠶᠢᠨ PVC ᠦᠢᠯᠡᠳᠪᠦᠷᠢ ᠶᠢᠨ ᠡᠾᠯᠤᠷᠲᠤ ᠬᠤᠵᠢᠷ ᠤᠨ ᠵᠠᠳᠠᠭᠠᠢ ᠣᠪᠣᠭᠠᠯᠠᠨ ᠬᠠᠳᠠᠭᠠᠯᠠᠵᠤ ᠪᠠᠶᠢᠭ᠎ᠠ ᠪᠠᠶᠢᠳᠠᠯ ᠵᠢᠴᠢ ᠳ᠋ᠧ ᠺᠧ ᠰᠾᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠶᠢᠨ ᠬᠠᠶᠠᠭᠳᠠᠮᠠᠯ ᠬᠡᠢ ᠦᠭᠡᠢ ᠪᠠᠷ ᠬᠤᠷᠢᠶᠠᠨ ᠴᠤᠭᠯᠠᠭᠤᠯᠤᠭᠰᠠᠨ ᠵᠢᠴᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠰᠣ᠋ ᡁᠢ ᠰᠢᠶᠦ᠋ᠡᠭ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠨ᠂ ᠨᠢᠭᠡᠳᠦᠯᠲᠡᠢ ᠲᠥᠯᠥᠪᠯᠡᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠪᠣᠳᠠᠲᠠᠶᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠬᠠᠮᠵᠢᠯᠴᠠᠨ ᠬᠦᠴᠦᠯᠡᠬᠦ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠨ᠂ ᠡᠯ᠎ᠡ ᠱᠠᠲᠤᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠪᠡᠷ ᠤᠨ ᠪᠠᠶᠢᠴᠠᠭᠠᠯᠲᠠ ᠶᠢᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠰᠦᠯᠵᠢᠶᠡᠨ ᠳᠡᠭᠡᠷ᠎ᠡ ᠬᠢᠨᠠᠨ ᠬᠠᠮᠢᠶᠠᠷᠬᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢ ᠣᠯᠠᠨ ᠲᠠᠯ᠎ᠠ ᠠᠴᠠ᠂ ᠪᠥᠬᠦ ᠶᠠᠪᠤᠴᠠ ᠪᠠᠷ ᠰᠠᠶᠢᠲᠤᠷ ᠠᠳᠬᠤᠨ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠤᠯᠢ ᠶᠣᠰᠣᠭᠠᠷ ᠵᠠᠰᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ