ᠠᠮᠢ ᠠᠬᠤᠢ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠬᠤ | ᠬᠢᠭᠡᠳ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠴᠢ ᠫᠠᠨ ᠵᠢᠩ ᠪᠠᠯᠭᠠᠰᠤᠨ ᠤ | ᠴᠢᠯᠠᠭᠤᠨᠪᠠᠢ ᠭᠠᠴᠠᠭᠠᠨ ᠤ ᠬᠤᠯᠪᠣᠭᠠᠯᠠᠨ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠲᠠᠢ ᠬᠠᠮᠵᠢᠯᠴᠠᠨ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠥᠷᠥ ᠶᠢᠨ ᠪᠣᠳᠣᠯᠭ᠎ᠠ ᠪᠠ ᠨᠡᠭᠦᠷᠡᠰᠦ ᠪᠠᠷ ᠳᠤᠯᠠᠭᠠᠯᠠᠭ᠎ᠠ ᠬᠢᠬᠦ ᠶᠢ ᠴᠠᠬᠢᠯᠭᠠᠨ | ᠪᠣᠯᠭᠠᠨ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ ᠥᠷᠨᠢᠭᠦᠯᠦᠨ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ | ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ | ᠠᠵᠢᠯᠯᠠᠭ᠎ᠠ ᠶᠢᠨ ᠠᠬᠤᠢ ᠲᠠᠯᠠᠪᠠᠶ ᠳᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠰᠡᠷᠭᠦᠯᠡᠩ ᠳᠥᠭᠦᠮ ᠣᠶᠢᠯᠠᠭᠠᠮᠵᠢᠲᠠᠢ | ᠦᠭᠡ ᠬᠡᠯᠡ ᠪᠠᠷ ᠮᠠᠯᠴᠢᠨ ᠲᠠᠷᠢᠶᠠᠴᠢᠳ ᠲᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠴᠢ ᠫᠠᠨ | ᠵᠢᠩ ᠪᠠᠯᠭᠠᠰᠤᠨ ᠤ ᠪᠡᠯᠴᠢᠭᠡᠷᠯᠡᠭᠦᠯᠬᠦ ᠶᠢ ᠬᠤᠷᠢᠭᠰᠠᠨ ᠣᠷᠣᠨ ᠤ ︽ᠬᠠᠰᠢᠶᠠᠯᠠᠨ ᠲᠡᠵᠢᠭᠡᠬᠦ ᠠᠴᠠ ᠥᠯᠥ ᠵᠣᠪᠠᠭ᠋ᠤ︾ ᠲᠡᠵᠢᠭᠡᠨ ᠦᠷᠡᠵᠢᠭᠦᠯᠬᠦ ᠵᠠᠭᠪᠤᠷ ᠢ ᠨᠠᠷᠢᠨ | ᠲᠠᠶᠢᠯᠪᠤᠷᠢᠯᠠᠵᠤ᠂ ᠮᠠᠯᠴᠢᠳ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠢᠴᠡᠳ ᠣᠶᠢᠯᠠᠭᠠᠬᠤ ᠶᠢ ᠪᠠᠲᠤᠯᠠᠨ᠂ ᠣᠯᠠᠨ ᠲᠦᠮᠡᠨ ᠢ ᠢᠳᠡᠪᠬᠢᠲᠡᠢ | ᠬᠥᠲᠥᠯᠥᠨ ᠵᠢᠯᠤᠭᠤᠳᠴᠤ ᠦᠵᠡᠯ ᠰᠠᠨᠠᠭ᠎ᠠ ᠶᠢ ᠨᠢ ᠬᠤᠪᠢᠷᠠᠭᠤᠯᠤᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠪᠠ᠃ | ᠣᠯᠠᠨ ᠲᠦᠮᠡᠨ ᠳᠤ ︽ᠨᠡᠭᠦᠷᠡᠰᠦ ᠪᠠᠷ ᠳᠤᠯᠠᠭᠠᠯᠠᠭ᠎ᠠ ᠬᠢᠬᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ | ᠣᠶᠢᠯᠠᠭᠠᠭᠤᠯᠬᠤ ᠶᠢᠨ ᠲᠥᠯᠥᠭᠡ᠂ ᠳᠣᠷᠣᠭᠰᠢ ᠪᠠᠭᠤᠭᠰᠠᠨ ᠺᠠᠳ᠋ᠷᠴᠤᠳ ᠣᠯᠠᠨ ᠲᠦᠮᠡᠨ ᠳᠤ ︽ᠨᠡᠭᠦᠷᠡᠰᠦ ᠪᠠᠷ ᠳᠤᠯᠠᠭᠠᠯᠠᠭ᠎ᠠ ᠬᠢᠬᠦ ᠶᠢ ᠴᠠᠬᠢᠯᠭᠠᠨ ᠪᠣᠯᠭᠠᠨ | ᠥᠭᠡᠷᠡᠴᠢᠯᠡᠬᠦ︾ ᠲᠥᠬᠦᠭᠡᠷᠦᠮᠵᠢ ᠬᠤᠳᠠᠯᠳᠤᠨ ᠠᠪᠬᠤ ᠨᠥᠬᠦᠪᠦᠷᠢ᠂ ᠴᠠᠬᠢᠯᠭᠠᠨ ᠤ ᠦᠨ᠎ᠡ ᠶᠢᠨ ᠬᠠᠷᠠᠭᠠᠯᠵᠠᠯ᠂ ᠥᠭᠡᠷᠡᠴᠢᠯᠡᠯᠲᠡ ᠶᠢᠨ ᠶᠠᠪᠤᠴᠠ ᠵᠡᠷᠭᠡ ᠨᠠᠷᠢᠨ | ᠳᠦᠷᠢᠮ ᠢ ᠨᠢᠮᠪᠠᠢ ᠲᠠᠶᠢᠯᠪᠤᠷᠢᠯᠠᠨ ᠥᠭᠭᠦᠭᠰᠡᠨ ᠪᠥᠭᠡᠳ ᠮᠠᠯᠴᠢᠨ ᠲᠠᠷᠢᠶᠠᠴᠢᠳ ᠢ ᠬᠠᠪᠰᠤᠷᠤᠨ ︽ᠠᠵᠤ ᠠᠬᠤᠢ ᠶᠢᠨ ᠲᠠᠩᠰᠠ︾᠂ ︽ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠠᠩᠰᠠ︾ ᠪᠠ ︽ᠠᠮᠤᠷ ᠲᠦᠪᠰᠢᠨ ᠤ ᠲᠠᠩᠰᠠ︾ ᠶᠢ ᠪᠤᠳᠤᠵᠤ ᠥᠭᠭᠦᠨ᠂ ᠣᠯᠠᠨ ᠲᠦᠮᠡᠨ ᠳᠤ ᠨᠡᠭᠦᠷᠡᠰᠦ ᠰᠢᠲᠠᠭᠠᠬᠤ ᠬᠤᠣᠷ ᠬᠥᠨᠥᠭᠡᠯ ᠢ | ᠲᠠᠨᠢᠭᠤᠯᠵᠤ᠂ ︽ᠨᠡᠭᠦᠷᠡᠰᠦ ᠪᠠᠷ ᠳᠤᠯᠠᠭᠠᠯᠠᠭ᠎ᠠ ᠬᠢᠬᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 160 ᠭᠠᠷᠤᠢ ᠮᠠᠯᠴᠢᠨ ᠲᠠᠷᠢᠶᠠᠴᠢᠨ ᠣᠷᠣᠯᠴᠠᠵᠤ᠂ 200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠨ᠂ ᠠᠬᠤᠢ ᠲᠠᠯᠠᠪᠠᠢ ᠳᠤ 12 ᠠᠰᠠᠭᠤᠯᠲᠠ ᠶᠢ ᠬᠠᠷᠢᠭᠤᠯᠵᠤ᠂ ᠣᠯᠠᠨ ᠲᠦᠮᠡᠨ ᠤ 4 ᠰᠠᠨᠠᠭᠤᠯᠭ᠎ᠠ ᠶᠢ ᠴᠤᠭᠯᠠᠭᠤᠯᠤᠭᠰᠠᠨ ᠪᠠᠶᠢᠨ᠎ᠠ᠃ ᠳᠣᠷᠣᠭᠰᠢ | ᠪᠠᠭᠤᠭᠰᠠᠨ ᠺᠠᠳ᠋ᠷᠴᠤᠳ ᠤᠨ ︽ᠨᠢᠭᠤᠷᠲᠠᠨ ᠦᠢᠯᠡᠴᠢᠯᠡᠬᠦ︾᠂ ︽ᠨᠢᠭᠡᠳ ᠨᠢᠭᠡ ᠪᠠᠷ ᠵᠢᠭᠠᠬᠤ︾ ᠨᠠᠷᠢᠯᠢᠭ ᠣᠨᠣᠪᠴᠢᠲᠠᠢ ᠦᠢᠯᠡᠴᠢᠯᠡᠭᠡ ᠪᠠᠷ ᠳᠠᠮᠵᠢᠭᠤᠯᠤᠨ᠂ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠳᠤ ᠲᠦᠭᠡᠮᠡᠯᠵᠢᠭᠦᠯᠪᠡ᠃ | | | | |