ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠣᠭᠤᠰᠢᠯᠠᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ | ᠪᠣᠢ ᠪᠣᠯᠭᠠᠨ ᠦᠢᠯᠡᠳᠦᠯᠭᠡᠵᠢᠭᠦᠯᠬᠦ ᠶᠢᠨ ᠲᠤᠰᠠᠳᠠ᠂ 3 ᠳ᠋ᠤᠭᠠᠷ ᠰᠠᠷ᠎ᠠ ᠶᠢᠨ 4 ᠤ ᠡᠳᠦᠷ᠂ ᠮᠧᠩ ᠰᠢᠶᠠᠩ ᠨᠡᠶᠢᠭᠡᠮ ᠲᠣᠭᠤᠷᠢᠭ ᠣᠲᠤᠭ ᠬᠤᠰᠢᠭᠤᠨ ᠤ | ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠲᠤᠭ ᠬᠤᠰᠢᠭᠤᠨ ᠤ ᠡᠨᠧᠷᠭᠢ ᠶᠢᠨ ᠲᠣᠪᠴᠢᠶ᠎ᠠ᠂ ᠴᠢ ᠫᠠᠨ ᠵᠢᠩ ᠤᠨ ᠬᠤᠶᠠᠳᠤᠭᠠᠷ ᠬᠡᠦᠬᠡᠳ ᠤᠨ | ᠴᠡᠴᠡᠷᠯᠢᠭ᠂ ᠴᠢ ᠫᠠᠨ ᠵᠢᠩ ᠤᠨ ᠲᠢᠶᠠᠨ ᠢᠤᠢ ᠲᠢᠶᠠᠨ ᠴᠧᠩ ᠬᠡᠦᠬᠡᠳ ᠤᠨ ᠴᠡᠴᠡᠷᠯᠢᠭ ᠲᠠᠢ ᠬᠠᠮᠲᠤᠷᠠᠨ ︽ᠯᠸᠢ ᠹᠸᠡᠭ ᠠᠴᠠ ᠰᠤᠷᠤᠯᠴᠠᠵᠤ᠂ ᠪᠣᠳᠠᠲᠤ | ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠰᠡᠳᠬᠢᠯ ᠢ ᠳᠤᠯᠠᠭᠠᠴᠠᠭᠤᠯᠬᠤ ᠵᠢᠷᠤᠮ ᠤᠨ ᠡᠮᠴᠢᠯᠡᠭᠡ | ᠤᠲᠤᠭ ᠬᠤᠰᠢᠭᠤᠨ ᠤ ᠠᠷᠠᠳ ᠤᠨ ᠬᠤᠶᠠᠳᠤᠭᠠᠷ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠰᠠᠶᠢᠨ ᠳᠤᠷᠠᠴᠤᠳ ᠲᠤᠰᠬᠠᠢ ᠮᠡᠷᠭᠡᠵᠢᠯ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠬᠡᠮᠵᠢᠬᠦ᠂ | ᠴᠢᠰᠤᠨ ᠰᠢᠬᠢᠷ ᠢ ᠬᠡᠮᠵᠢᠬᠦ᠂ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠬᠢᠬᠦ᠂ ᠮᠣᠩᠭᠤᠯ ᠡᠮᠨᠡᠯᠭᠡ ᠶᠢᠨ ᠣᠨᠣᠰᠢᠯᠠᠯᠲᠠ ᠬᠢᠬᠦ᠂ ᠵᠢᠷᠦᠬᠡᠨ ᠤ ᠯᠤᠭᠰᠢᠯᠲᠠ ᠶᠢᠨ | ᠵᠢᠷᠤᠭ ᠤᠨ ᠪᠠᠶᠢᠴᠠᠭᠠᠯᠲᠠ ᠬᠢᠬᠦ ᠵᠡᠷᠭᠡ ᠤᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠳᠠᠭᠠᠤ ᠪᠠᠰᠠ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠲᠤᠬᠠᠢ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠥᠪᠡᠷᠮᠢᠴᠡ ᠣᠨᠴᠠᠯᠢᠭ ᠲᠠᠢ ᠡᠷᠡᠭᠦᠯ ᠮᠡᠨᠳᠦ ᠶᠢᠨ ᠵᠢᠯᠣᠭᠤᠳᠤᠯᠭ᠎ᠠ ᠥᠭᠴᠡᠢ᠃ | ᠬᠠᠶᠢᠷ᠎ᠠ ᠬᠠᠯᠠᠮᠵᠢ ᠬᠦᠷᠭᠡᠬᠦ ᠵᠢᠷᠤᠮ ᠤᠨ ᠬᠤᠳᠠᠯᠳᠤᠭ᠎ᠠ | ᠴᠢ ᠫᠠᠨ ᠵᠢᠩ ᠤᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠨᠠᠮ ᠤᠨ ᠭᠡᠰᠢᠭᠦᠨ ᠰᠠᠶᠢᠨ ᠳᠤᠷᠠᠴᠤᠳ ᠪᠣᠯᠣᠨ ᠪᠢᠴᠢᠬᠠᠨ ᠨᠠᠶᠢᠵᠠ ᠨᠠᠷ ᠠᠯᠢ ᠡᠷᠲᠡ | ᠠᠵᠢᠯᠯᠠᠭ᠎ᠠ ᠶᠢᠨ ᠲᠠᠯᠠᠪᠠᠢ ᠳᠤ ᠬᠦᠷᠴᠦ ᠢᠷᠡᠭᠰᠡᠨ ᠪᠥᠭᠡᠳ ᠰᠤᠯᠠ ᠲᠠᠯᠪᠢᠵᠤ ᠪᠠᠶᠢᠭᠰᠠᠨ ᠨᠣᠮ ᠪᠢᠴᠢᠭ᠂ ᠵᠢᠷᠤᠭᠲᠤ ᠳᠡᠪᠲᠡᠷ ᠪᠣᠯᠣᠨ ᠨᠠᠭᠠᠳᠤᠮ ᠤᠨ ᠵᠦᠢᠯ | ᠵᠡᠷᠭᠡ ᠪᠠᠨ ᠠᠪᠴᠢᠷᠠᠨ ᠵᠢᠷᠤᠮ ᠤᠨ ᠬᠤᠳᠠᠯᠳᠤᠭ᠎ᠠ ᠬᠢᠵᠦ᠂ ᠬᠤᠳᠠᠯᠳᠤᠭᠰᠠᠨ ᠮᠥᠩᠭᠦ ᠪᠠᠨ ᠨᠡᠶᠢᠭᠡᠮ ᠲᠣᠭᠤᠷᠢᠭ ᠤᠨ ᠬᠦᠴᠢᠷᠳᠡᠯᠲᠡᠢ ᠬᠥᠮᠥᠰ ᠲᠤ ᠬᠠᠨᠳᠢᠪᠯᠠᠭᠰᠠᠨ | ᠪᠠᠶᠢᠨ᠎ᠠ᠃ ᠲᠣᠰ ᠤᠳᠠᠭᠠᠨ ᠤ ᠵᠢᠷᠤᠮ ᠤᠨ ᠬᠤᠳᠠᠯᠳᠤᠭ᠎ᠠ ᠶᠢᠨ ᠠᠵᠢᠯᠯᠠᠭ᠎ᠠ ᠳᠤ᠂ ᠨᠡᠶᠢᠲᠡ 13 ᠬᠠᠯᠠᠭᠤᠨ ᠰᠡᠳᠬᠢᠯᠲᠦ ᠰᠠᠭᠤᠭᠠᠯᠢ ᠠᠷᠠᠳ ᠤᠨ ᠰᠤᠯᠠ ᠪᠠᠶᠢᠬᠤ | ᠡᠳ᠋ ᠪᠣᠳᠠᠰ ᠢ ᠴᠤᠭᠯᠠᠭᠤᠯᠵᠤ᠂ ᠵᠢᠷᠤᠮ ᠤᠨ ᠬᠤᠳᠠᠯᠳᠤᠭ᠎ᠠ ᠪᠠᠷ ᠣᠯᠣᠭᠰᠠᠨ ᠮᠥᠩᠭᠦ ᠶᠢ ᠪᠦᠭᠦᠳᠡ ᠶᠢ ᠬᠠᠷᠢᠶ᠎ᠠ ᠣᠷᠣᠨ ᠤ ᠬᠦᠴᠢᠷᠳᠡᠯᠲᠡᠢ ᠬᠦᠮᠦᠰ ᠢ ᠬᠠᠪᠰᠤᠷᠤᠨ | ᠲᠡᠳᠬᠦᠬᠦ ᠠᠵᠢᠯᠯᠠᠭ᠎ᠠ ᠳᠤ ᠬᠡᠷᠡᠭᠯᠡᠪᠡ᠃ | ᠭᠡᠷ ᠣᠷᠣᠨ ᠤ ᠴᠡᠪᠡᠷᠯᠡᠭᠡ | ᠨᠠᠮ ᠤᠨ ᠭᠡᠰᠢᠭᠦᠨ ᠰᠠᠶᠢᠨ ᠳᠤᠷᠠᠴᠤᠳ᠂ ᠠᠳᠠᠯ ᠠᠬᠤᠢ ᠶᠢᠨ ᠠᠵᠢᠯᠲᠠᠳ ᠱᠦᠭᠦᠷ᠂ ᠬᠠᠪᠴᠢᠭᠤᠷ᠂ ᠬᠤᠭ ᠤᠨ ᠤᠭᠤᠲᠠ ᠵᠡᠷᠭᠡ ᠶᠢ ᠪᠠᠷᠢᠵᠤ᠂ | ᠰᠠᠭᠤᠭᠠᠯᠢ ᠲᠣᠭᠤᠷᠢᠭ ᠤᠨ ᠬᠤᠭ ᠨᠣᠪᠰᠢ ᠶᠢ ᠥᠨᠴᠥᠭ ᠪᠤᠯᠤᠩ ᠦᠯᠡᠳᠡᠭᠡᠯ ᠦᠭᠡᠢ ᠰᠠᠶᠢᠲᠤᠷ ᠴᠡᠪᠡᠷᠯᠡᠪᠡ᠃ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠭᠰᠠᠨ ᠢᠶᠠᠷ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠨᠡᠩ ᠴᠡᠪᠡᠷ ᠴᠡᠮᠴᠡᠭᠡᠷ ᠪᠣᠯᠭᠠᠵᠤ᠂ ᠲᠢᠶᠠᠨ ᠢᠤᠢ ᠲᠢᠶᠠᠨ ᠴᠧᠩ | ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠲᠤ ᠲᠠᠭᠠᠯᠠᠮᠵᠢᠲᠠᠢ ᠰᠠᠶᠢᠬᠠᠨ ᠠᠮᠢᠳᠤᠷᠠᠯ ᠤᠨ ᠣᠷᠴᠢᠨ ᠢ ᠪᠦᠷᠢᠯᠳᠦᠭᠦᠯᠵᠦ ᠥᠭᠪᠡ᠃ | ︽ᠬᠤᠰᠢᠭᠤᠴᠢ︾ ᠪᠣᠯᠬᠤ ᠪᠠᠷ ᠭᠠᠪᠰᠢᠭᠠᠶᠢᠯᠠᠭᠰᠠᠨ ᠪᠠᠭᠠᠴᠤᠳ | ᠬᠠᠷᠢᠶ᠎ᠠ ᠣᠷᠣᠨ ᠤ ᠪᠠᠭᠠᠴᠤᠳ ᠬᠡᠦᠬᠡᠳ ᠤᠨ ᠯᠧᠢ ᠹᠧᠩ ᠤᠨ ᠵᠣᠷᠢᠭ ᠰᠠᠨᠠᠭᠠᠨ ᠤ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠯᠧᠢ ᠹᠧᠩ ᠠᠴᠠ | ᠰᠤᠷᠤᠯᠴᠠᠬᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠬᠢᠨ ᠴᠢ ᠫᠠᠨ ᠵᠢᠩ ᠤᠨ ᠲᠢᠶᠠᠨ | ᠢᠤᠢ ᠲᠢᠶᠠᠨ ᠴᠧᠩ ᠬᠡᠦᠬᠡᠳ ᠤᠨ ᠴᠡᠴᠡᠷᠯᠢᠭ ᠲᠤ ᠭᠠᠷ ᠤᠷᠠᠯᠠᠯ ᠤᠨ ᠨᠠᠭᠠᠮᠠᠯ ᠵᠢᠷᠤᠭ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤᠮᠳᠠ᠂ ᠰᠠᠶᠢᠨ | ᠳᠤᠷᠠᠴᠤᠳ ᠬᠡᠦᠬᠡᠳ ᠤᠳ ᠲᠤ ᠯᠧᠢ ᠹᠧᠩ ᠨᠥᠬᠦᠷ ᠤᠨ ᠨᠢᠭᠡ ᠨᠠᠰᠤᠨ ᠤ ᠦᠢᠯᠡ ᠠᠵᠢᠯᠯᠠᠭ᠎ᠠ ᠶᠢ ᠶᠠᠷᠢᠵᠤ᠂ ᠲᠡᠳᠡᠨ ᠢ ᠯᠧᠢ ᠹᠧᠩ ᠠᠴᠠ ᠰᠤᠷᠤᠯᠴᠠᠨ᠂ ᠰᠢᠨ᠎ᠡ | ᠴᠠᠭ ᠦᠶ᠎ᠡ ᠶᠢᠨ ︽ᠬᠤᠰᠢᠭᠤᠴᠢ︾ ᠪᠠᠭᠠᠴᠤᠳ ᠪᠣᠯᠬᠤ ᠪᠠᠷ ᠴᠢᠷᠮᠠᠶᠢᠬᠤ ᠶᠢ ᠬᠥᠲᠥᠯᠥᠨ ᠵᠢᠯᠤᠭᠤᠳᠪᠠ᠃ ᠰᠠᠶᠢᠨ ᠳᠤᠷᠠᠴᠤᠳ ᠤᠨ ᠵᠢᠯᠣᠭᠤᠳᠤᠯᠭ᠎ᠠ ᠳᠣᠣᠷ᠎ᠠ᠂ | ᠯᠧᠢ ᠹᠧᠩ ᠤᠨ ᠭᠤᠣᠯ ᠰᠡᠳᠦᠪᠲᠦ ᠭᠠᠷ ᠤᠷᠠᠯᠠᠯ ᠤᠨ ᠨᠠᠭᠠᠮᠠᠯ ᠵᠢᠷᠤᠭ ᠤᠳ ᠣᠯᠠᠨ ᠤ ᠬᠠᠷᠠᠭᠠᠨ᠎ᠠ ᠲᠣᠳᠣᠷᠠᠨ᠎ᠠ᠃ | ᠲᠦᠷᠦ ᠶᠢᠨ ᠪᠣᠳᠣᠯᠭ᠎ᠠ ᠶᠢᠨ ᠤᠬᠠᠭᠤᠯᠭ᠎ᠠ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠲᠤᠭ ᠬᠤᠰᠢᠭᠤᠨ ᠤ ᠡᠨᠧᠷᠭᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠨᠠᠮ ᠤᠨ ᠭᠡᠰᠢᠭᠦᠳ | ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠤᠬᠠᠮᠰᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠢ | ᠰᠤᠷᠤᠯᠴᠠᠨ ᠣᠶᠢᠯᠠᠭᠠᠬᠤ ᠶᠢ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠣᠲᠤᠭ ᠬᠤᠰᠢᠭᠤᠨ ᠤ ᠡᠨᠧᠷᠭᠢ ᠶᠢᠨ ᠲᠣᠪᠴᠢᠶ᠎ᠠ ᠠᠴᠠ ᠪᠦᠬᠦᠯᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ ᠦᠳᠡ ᠶᠢᠨ ᠬᠤᠭᠤᠯᠠ ᠶᠢ 100 ᠭᠠᠷᠤᠢ ᠬᠤᠪᠢ ᠬᠤᠪᠢᠶᠠᠪᠠ᠃ | ᠲᠤᠰ ᠤᠳᠠᠭᠠᠨ ᠤ ᠠᠵᠢᠯᠯᠠᠭ᠎ᠠ ᠨᠢ ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠥᠷᠭᠡᠨ ᠣᠯᠠᠨ ᠰᠠᠭᠤᠭᠠᠯᠢ | ᠠᠷᠠᠳ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠤᠷᠮ᠎ᠠ ᠶᠢ ᠪᠦᠲᠦᠮᠵᠢᠲᠡᠶ ᠬᠥᠭᠵᠢᠭᠡᠨ᠂ ᠨᠡᠶᠢᠭᠡᠮ ᠲᠣᠭᠤᠷᠢᠭ ᠤᠨ ᠵᠠᠰᠠᠯᠲᠠ | ᠶᠢᠨ ᠬᠡᠪᠴᠢᠶ᠎ᠡ ᠶᠢ ᠥᠷᠭᠡᠳᠬᠡᠵᠦ᠂ ᠪᠠᠶᠠᠯᠢᠭ ᠠᠭᠤᠯᠭ᠎ᠠ ᠪᠦᠬᠦᠢ ᠠᠵᠢᠯᠯᠠᠭᠠᠨ ᠤ ᠡᠬᠢ ᠪᠠᠶᠠᠯᠢᠭ ᠢᠶᠠᠷ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠵᠥᠪ ᠡᠨᠧᠷᠭᠢ ᠶᠢ | ᠳᠠᠶᠢᠴᠢᠯᠠᠨ᠂ ᠯᠧᠢ ᠹᠧᠩ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠦᠨᠳᠦᠰᠦᠯᠡᠭᠦᠯᠦᠨ ᠰᠣᠶᠣᠭᠠᠯᠠᠭᠤᠯᠵᠤ᠂ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ | ᠶᠢ ᠨᠡᠶᠢᠭᠡᠮ ᠲᠣᠭᠤᠷᠢᠭ ᠲᠤ ᠦᠷᠭᠦᠯᠵᠢᠯᠡᠨ ᠳᠠᠮᠵᠢᠭᠤᠯᠵᠠᠢ᠃ | | | |