ᠮᠧᠩ ᠰᠢ ᠨᠡᠶᠢᠭᠡᠮ ᠲᠣᠭᠤᠷᠢᠭ ᠭᠤᠷᠪᠠᠨ ᠰᠠᠷ᠎ᠠ ᠶᠢᠨ ᠲᠠᠪᠤᠨ ᠤ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/6
      3 ᠳ᠋ᠤᠭᠠᠷ ᠰᠠᠷ᠎ᠠ ᠶᠢᠨ 5 ᠤ ᠡᠳᠦᠷ᠂ ᠮᠧᠩ ᠰᠢ ᠨᠡᠶᠢᠭᠡᠮ ᠲᠣᠭᠤᠷᠢᠭ ᠤᠨ ᠬᠢᠨ ︽ᠭᠤᠷᠪᠠᠨ ᠰᠠᠷ᠎ᠠ ᠶᠢᠨ ᠲᠠᠪᠤᠨ ᠤ ᠯᠸᠢ ᠹᠸᠡᠭ ᠠᠴᠠ ᠰᠤᠷᠤᠯᠴᠠᠬᠤ︾ ᠭᠤᠣᠯ ᠰᠡᠳᠦᠪᠲᠦ ᠣᠨᠴᠠᠯᠢᠭᠲᠤ ᠠᠵᠢᠯᠯᠠᠭ᠎ᠠ ᠥᠷᠨᠢᠭᠦᠯᠪᠡ᠃ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠰᠠᠶᠢᠨ ᠳᠤᠷᠠᠴᠤᠳ᠂ ᠰᠠᠭᠤᠭᠠᠯᠢ ᠠᠷᠠᠳ᠂ ᠲᠣᠮᠢᠯᠠᠭᠰᠠᠨ ᠰᠠᠯᠪᠤᠷᠢ ᠵᠢᠴᠢ ᠠᠳᠠᠯ ᠠᠬᠤᠢ ᠶᠢᠨ ᠺᠣᠮᠫᠠᠨᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠤᠨ ᠥᠨᠴᠥᠭ ᠪᠤᠯᠤᠩ ᠪᠣᠯᠭᠠᠨ ᠳᠤ ᠳᠠᠮᠵᠢᠭᠤᠯᠤᠨ᠂ ᠬᠦᠮᠦᠨ ᠪᠦᠬᠦᠨ ᠤ ᠰᠡᠳᠬᠢᠯ ᠳᠤ ᠬᠠᠳᠠᠩᠰᠢᠭᠤᠯᠪᠠ᠃      ᠠᠵᠢᠯᠯᠠᠭ᠎ᠠ ᠨᠢ ᠴᠡᠷᠢᠭ ᠤᠨ ᠠᠯᠪᠠ ᠠᠴᠠ ᠬᠠᠯᠠᠭᠳᠠᠭᠰᠠᠨ ᠨᠥᠬᠦᠷ ᠤᠨ ᠰᠡᠳᠬᠢᠯ ᠳᠣᠭᠳᠣᠯᠤᠨ ᠶᠠᠷᠢᠭᠰᠠᠨ ᠯᠧᠢ ᠹᠧᠩ ᠤᠨ ᠦᠯᠢᠭᠡᠷ ᠳᠤᠮᠳᠠ ᠬᠥᠰᠢᠭᠡ ᠪᠠᠨ ᠰᠡᠬᠦᠪᠡ᠃ ᠴᠡᠷᠢᠭ ᠤᠨ ᠬᠤᠪᠴᠠᠰᠤ ᠡᠮᠦᠰᠴᠦ᠂ ᠤᠯᠤᠰ ᠭᠡᠷ ᠢᠶᠠᠨ ᠬᠠᠮᠠᠭᠠᠯᠠᠵᠤ ᠪᠠᠶᠢᠭᠰᠠᠨ ᠲᠡᠷᠡ᠂ ᠡᠳᠦᠭᠡ ᠬᠡᠳᠦᠶᠢᠪᠡᠷ ᠴᠡᠷᠢᠭ ᠤᠨ ᠬᠤᠪᠴᠠᠰᠤ ᠪᠠᠨ ᠲᠠᠶᠢᠯᠤᠭᠰᠠᠨ ᠪᠣᠯᠪᠠᠴᠤ ᠴᠡᠷᠢᠭ ᠬᠦᠮᠦᠨ ᠤ ᠬᠠᠷᠠᠮ ᠦᠭᠡᠢ ᠵᠣᠷᠢᠭᠤᠯᠬᠤ ᠨᠠᠨᠳᠢᠨ ᠴᠢᠨᠠᠷ ᠢᠶᠠᠨ ᠮᠥᠨ ᠯᠠ ᠬᠠᠳᠠᠭᠠᠯᠠᠭᠰᠠᠭᠠᠷ ᠪᠠᠶᠢᠯ᠎ᠠ᠃ ᠲᠡᠷᠡ ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ᠯᠧᠢ ᠹᠧᠩ ᠤᠨ ᠡᠭᠡᠯ ᠵᠢᠷ ᠤᠨ ᠪᠥᠭᠡᠳ ᠠᠭᠤᠤ ᠶᠡᠭᠡ ᠦᠢᠯᠡ ᠠᠵᠢᠯᠯᠠᠭ᠎ᠠ ᠨᠤᠭᠤᠳ ᠢ ᠳᠣᠭᠳᠤᠯᠤᠩᠬᠠᠨ ᠶᠠᠷᠢᠬᠤ ᠳᠤ ᠰᠣᠨᠣᠰᠤᠭᠴᠢᠳ ᠴᠤ ᠠᠩᠬᠠᠷᠤᠯ ᠢᠶᠠᠨ ᠲᠥᠪᠯᠡᠷᠡᠭᠦᠯᠵᠦ ᠠᠮᠲᠠᠷᠬᠠᠨ ᠰᠣᠨᠣᠰᠤᠨ᠎ᠠ᠂ ᠲᠡᠳᠡᠨ ᠤ ᠬᠠᠷᠠᠴᠠᠨ ᠳᠤ ᠬᠦᠨᠳᠦᠳᠬᠡᠯ ᠪᠠ ᠳᠤᠷᠠᠳᠬᠠᠯ ᠲᠣᠳᠣᠷᠠᠵᠤ᠂ ᠯᠧᠢ ᠹᠧᠩ ᠨᠥᠬᠦᠷ ᠬᠠᠵᠠᠭᠤ ᠳᠤᠨᠢ ᠪᠠᠶᠢᠭ᠎ᠠ ᠮᠡᠲᠦ ᠰᠠᠨᠠᠭᠳᠠᠭᠤᠯᠤᠨ᠂ ᠳᠠᠶᠠᠭᠠᠷ ᠣᠯᠠᠨ ᠤ ᠡᠨᠡᠬᠦ ᠣᠶᠤᠨ ᠰᠠᠨᠠᠭᠠᠨ ᠤ ᠭᠠᠯ ᠪᠠᠮᠪᠠᠷ ᠢ ᠤᠯᠠᠮᠵᠢᠯᠠᠨ ᠵᠠᠯᠭᠠᠮᠵᠢᠯᠠᠬᠤ ᠶᠢ ᠵᠣᠷᠢᠭᠵᠢᠭᠤᠯᠵᠤ ᠪᠠᠶᠢᠯ᠎ᠠ᠃      ᠦᠯᠢᠭᠡᠷ ᠶᠠᠷᠢᠵᠤ ᠳᠠᠭᠤᠰᠤᠮᠠᠭᠴᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠰᠠᠶᠢᠨ ᠳᠤᠷᠠᠴᠤᠳ ᠪᠣᠯᠣᠨ ᠨᠡᠶᠢᠭᠡᠮ ᠲᠣᠭᠤᠷᠢᠭ ᠤᠨ ᠠᠵᠢᠯᠲᠠᠳ ᠦᠳᠲᠡᠷ ᠲᠦᠷᠭᠡᠨ ᠴᠤᠭᠯᠠᠷᠠᠵᠤ᠂ ᠳᠤᠭᠤᠶᠢᠯᠠᠩ ᠬᠤᠪᠢᠶᠠᠨ ᠨᠡᠶᠢᠭᠡᠮ ᠲᠣᠭᠤᠷᠢᠭ ᠤᠨ ᠬᠤᠪᠢᠶᠠᠨ ᠬᠠᠮᠢᠶᠠᠷᠴᠤ ᠪᠠᠶᠢᠭ᠎ᠠ ᠲᠣᠭᠤᠷᠢᠭ ᠲᠠᠭᠠᠨ ᠬᠦᠷᠦᠯ᠎ᠡ᠃ ᠲᠡᠳᠡ ᠱᠦᠭᠦᠷ᠂ ᠬᠤᠰᠤᠭᠤᠷ᠂ ᠬᠤᠭ ᠤᠨ ᠤᠭᠤᠲᠠ ᠪᠠᠷᠢᠵᠤ᠂ ᠤᠳᠠᠭᠠᠨ ᠡᠳᠦᠷ ᠴᠡᠪᠡᠷᠯᠡᠭᠡᠳᠦᠢ ᠬᠤᠭ ᠯᠠᠭ ᠲᠠᠢ ᠥᠨᠴᠥᠭ ᠪᠤᠯᠤᠩ ᠢ ᠴᠡᠪᠡᠷᠯᠡᠪᠡ᠃ ᠣᠯᠠᠨ ᠢᠶᠠᠷ ᠢᠶᠠᠨ ᠲᠣᠭᠤᠰᠤ ᠲᠠᠢ ᠬᠤᠪᠴᠠᠰᠤ ᠪᠠᠨ ᠬᠠᠶᠢᠬᠤᠷᠤᠯ ᠦᠭᠡᠢ ᠪᠠᠷ ᠬᠦᠯᠦᠰᠦ ᠭᠠᠷᠲᠠᠯ᠎ᠠ ᠴᠡᠪᠡᠷᠯᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠪᠣᠳᠠᠲᠠᠢ ᠦᠢᠯᠡᠳᠦᠯᠭᠡᠵᠢᠭᠦᠯᠦᠨ᠎ᠡ︔ ᠡᠭᠦᠨ ᠤ ᠬᠠᠮᠲᠤ᠂ ᠠᠳᠠᠯ ᠠᠬᠤᠢ ᠶᠢᠨ ᠺᠣᠮᠫᠠᠨᠢ ᠶᠢᠨ ᠬᠢᠨ ᠴᠤ ᠰᠠᠭᠤᠭᠠᠯᠢ ᠲᠣᠭᠤᠷᠢᠭ ᠤᠨ ᠠᠷᠢᠭᠤᠨ ᠴᠡᠪᠡᠷ ᠢ ᠴᠡᠪᠡᠷᠯᠡᠬᠦ ᠠᠵᠢᠯ ᠳᠤ ᠢᠳᠡᠪᠬᠢᠲᠡᠢ ᠣᠷᠣᠯᠴᠠᠵᠤ᠂ ᠰᠠᠭᠤᠭᠠᠯᠢ ᠲᠣᠭᠤᠷᠢᠭ ᠳᠣᠲᠣᠷᠠᠬᠢ ᠣᠯᠠᠨ ᠨᠡᠶᠢᠲᠡ ᠶᠢᠨ ᠲᠣᠭᠤᠷᠢᠭ᠂ ᠨᠣᠭᠤᠭᠠᠷᠠᠭᠤᠯᠤᠯᠲᠠ ᠶᠢᠨ ᠪᠦᠰᠡ ᠵᠢᠴᠢ ᠲᠡᠷᠭᠡᠨ ᠵᠣᠭᠰᠣᠭᠠᠯ ᠵᠡᠷᠭᠡ ᠶᠢ ᠲᠤᠶᠢᠯᠪᠤᠷᠢᠲᠠᠢ ᠴᠡᠪᠡᠷᠯᠡᠨ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠠᠢ᠃      ᠲᠤᠰ ᠤᠳᠠᠭᠠᠨ ᠤ ᠠᠵᠢᠯᠯᠠᠭ᠎ᠠ ᠪᠣᠯ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠰᠢᠨ᠎ᠡ ᠡᠬᠢᠯᠡᠯᠲᠡ ᠮᠥᠨ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠨᠡᠶᠢᠭᠡᠮ ᠲᠣᠭᠤᠷᠢᠭ ᠤᠨ ᠳᠦᠷᠰᠦ ᠪᠠᠶᠢᠳᠠᠯ ᠴᠤ᠋ ᠰᠢᠨ᠎ᠡ ᠪᠣᠯᠵᠤ᠂ ᠯᠧᠢ ᠹᠧᠩ ᠠᠴᠠ ᠰᠤᠷᠤᠯᠴᠠᠬᠤ ᠠᠭᠤᠷ ᠠᠮᠢᠰᠬᠤᠯ ᠨᠡᠩ ᠭᠦᠨ ᠵᠤᠵᠠᠭᠠᠨ ᠪᠣᠯᠪᠠ᠃ ᠬᠤᠶᠢᠰᠢᠳᠠ᠂ ᠨᠡᠶᠢᠭᠡᠮ ᠲᠣᠭᠤᠷᠢᠭ ᠤᠨ ᠬᠢᠨ ᠡᠨᠡ ᠤᠳᠠᠭ᠎ᠠ ᠶᠢᠨ ᠠᠵᠢᠯᠯᠠᠭ᠎ᠠ ᠪᠠᠷ ᠪᠠᠲᠤ ᠰᠠᠭᠤᠷᠢ ᠪᠠᠨ ᠪᠣᠯᠭᠠᠨ᠂ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠡᠯ᠎ᠡ ᠲᠥᠷᠥᠯ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠂ ᠯᠧᠢ ᠹᠧᠩ ᠤᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠦᠨᠳᠦᠰᠦᠯᠡᠭᠦᠯᠦᠨ ᠰᠣᠶᠣᠭᠠᠯᠠᠭᠤᠯᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠪᠠᠷ ᠲᠠᠰᠤᠷᠠᠯᠲᠠ ᠦᠭᠡᠢ ᠴᠢᠷᠮᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ