ᠬᠠᠪᠤᠷ ᠤᠨ ᠲᠠᠷᠢᠶᠠᠯᠠᠭ᠎ᠠ ᠶᠢᠨ ᠠᠵᠢᠯ ᠤᠳᠠᠯ ᠦᠭᠡᠢ ᠡᠬᠢᠯᠡᠬᠦ ᠭᠡᠵᠦ ᠪᠠᠶᠢᠭ᠎ᠠ ᠪᠣᠯᠬᠤᠷ 2025 ᠣᠨ ᠤ ᠠᠮᠤ ᠪᠤᠳᠠᠭ᠎ᠠ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠪᠠᠲᠤ ᠴᠢᠩᠭ᠎ᠠ ᠠᠩᠬᠠᠨ ᠤ ᠠᠯᠬᠤᠮ ᠢ ᠪᠠᠲᠤᠯᠠᠬᠤ ᠶᠢᠨ ᠲᠥᠯᠥᠭᠡ᠂ ᠰᠦᠮᠡᠲᠦ ᠰᠤᠮᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠠᠷ ᠦᠵᠡᠨ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ | ᠴᠢᠩᠭ᠎ᠠ ᠰᠠᠬᠢᠬᠤ ᠶᠢᠨ ᠬᠠᠮᠲᠤ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠠᠢ᠃ | ᠰᠦᠮᠡᠲᠦ ᠰᠤᠮᠤ ᠶᠢᠨ ᠰᠢᠭᠦᠷᠬᠡᠢ ᠭᠠᠴᠠᠭᠠᠨ ᠤ ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢ ᠳᠤ ᠣᠷᠣᠪᠠᠯ᠂ ᠡᠮᠬᠢ ᠳᠢᠭᠯᠢᠮ ᠲᠠᠢ | ᠦᠢᠯᠡᠳᠪᠦᠷᠢᠯᠡᠯ ᠤᠨ ᠪᠠᠶᠢᠳᠠᠯ ᠬᠠᠷᠠᠭᠠᠨ ᠳᠤ ᠲᠣᠳᠣᠷᠠᠵᠤ᠂ ᠦᠢᠯᠡᠳᠪᠦᠷᠢ ᠶᠢᠨ ᠪᠠᠶᠢᠰᠢᠩ ᠤᠨ ᠭᠠᠳᠠᠨᠠᠬᠢ ᠰᠠᠷᠠᠪᠴᠢᠨ ᠤ ᠳᠣᠣᠷ᠎ᠠ᠂ ᠰᠢᠪ ᠰᠢᠨᠡᠬᠡᠨ ᠳᠤᠰᠤᠯᠭᠠᠨ | ᠤᠰᠤᠯᠠᠬᠤ ᠪᠦᠰᠡ ᠨᠦᠭᠦᠳ ᠲᠡᠷᠢ ᠲᠡᠭᠰᠢ ᠲᠠᠯᠪᠢᠭᠠᠰᠤᠲᠠᠢ ᠪᠠᠶᠢᠯ᠎ᠠ᠃ ᠦᠢᠯᠡᠳᠪᠦᠷᠢᠯᠡᠯ ᠤᠨ ᠲᠠᠰᠤᠭ ᠳᠣᠲᠣᠷ᠎ᠠ ᠮᠠᠰᠢᠨ ᠤ ᠬᠦᠩᠭᠢᠨᠡᠮ᠎ᠡ ᠳᠠᠭᠤᠨ ᠬᠠᠪᠤᠷ ᠤᠨ | ᠲᠠᠷᠢᠶᠠᠯᠠᠭ᠎ᠠ ᠶᠢᠨ ᠬᠥᠭᠵᠢᠮ ᠮᠡᠲᠦ ᠴᠤᠤᠷᠢᠶᠠᠳᠤᠨ᠂ ᠠᠵᠢᠯᠴᠢᠳ ᠮᠠᠲ᠋ᠧᠷᠢᠶᠠᠯ ᠨᠡᠮᠡᠬᠦ᠂ ᠪᠣᠭᠤᠳᠠᠯᠯᠠᠬᠤ᠂ ᠴᠢᠨᠠᠷ ᠤᠨ ᠪᠠᠶᠢᠴᠠᠭᠠᠯᠲᠠ ᠬᠢᠬᠦ ᠵᠡᠷᠭᠡ ᠠᠵᠢᠯ ᠢᠶᠠᠨ ᠡᠮᠬᠢ | ᠳᠠᠷᠠᠭᠠᠯᠠᠯ ᠲᠠᠢ ᠪᠠᠷ ᠰᠡᠳᠬᠢᠯ ᠲᠠᠯᠪᠢᠨ ᠬᠢᠵᠦ᠂ ᠦᠢᠯᠡᠳᠪᠦᠷᠢᠯᠡᠯ ᠤᠨ ᠶᠠᠪᠤᠴᠠ ᠶᠢ ᠨᠢᠭᠲᠠ ᠬᠤᠯᠪᠣᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ | ᠡᠴᠦᠰ ᠤᠨ ᠰᠢᠪᠲᠤᠯᠤᠯᠲᠠ ᠬᠢᠵᠦ ᠪᠠᠶᠢᠯ᠎ᠠ᠃ | ︽ᠪᠢᠳᠡ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠠᠴᠠ ᠠᠵᠢᠯ ᠢᠶᠠᠨ ᠡᠬᠢᠯᠡᠭᠦᠯᠦᠭᠡᠳ ᠤᠳᠤ ᠪᠣᠯᠲᠠᠯ᠎ᠠ ᠨᠢᠭᠡᠨᠲᠡ ᠲᠦᠮᠡ ᠰᠢᠬᠠᠮ ᠳᠤᠰᠤᠯᠭᠠᠨ ᠤᠰᠤᠯᠠᠬᠤ | ᠪᠦᠰᠡ ᠶᠢ ᠦᠢᠯᠡᠳᠪᠦᠷᠢᠯᠡᠵᠡᠢ︾᠂ ᠳᠣᠲᠣᠷ᠎ᠠ ᠲᠠᠯ᠎ᠠ ᠳᠤᠨᠢ ᠨᠠᠭᠠᠯᠲᠠ ᠲᠠᠢ ᠳᠤᠰᠤᠯᠭᠠᠨ ᠤᠰᠤᠯᠠᠬᠤ ᠪᠦᠰᠡ ᠶᠢᠨ ᠳᠠᠪᠠᠭᠤᠯᠢᠭ ᠨᠢ ᠣᠨᠣᠪᠴᠢᠲᠠᠢ ᠪᠠᠷ | ᠤᠰᠤᠯᠠᠬᠤ ᠳᠤ ᠪᠤᠢ᠂ ᠨᠢᠭᠡᠴᠢ ᠶᠢᠨ ᠬᠦᠴᠦᠨ ᠲᠠᠢ ᠤᠷᠳᠤ ᠶᠢᠨ ᠬᠡᠮᠵᠢᠶ᠎ᠡ ᠳᠣᠲᠣᠷ᠎ᠠ᠂ ᠲᠡᠭᠦᠨ ᠤ ᠤᠰᠤᠯᠠᠯᠲᠠ ᠶᠢᠨ ᠵᠢᠭᠳᠡᠴᠡ ᠨᠢ ᠲᠥᠭᠡᠷᠢᠯ ᠣᠷᠳᠣᠨ ᠤ | ᠮᠠᠶ᠋ᠢᠭ ᠤᠨ ᠳᠤᠰᠤᠯᠭᠠᠨ ᠤᠰᠤᠯᠠᠬᠤ ᠪᠦᠰᠡ ᠠᠴᠠ 30% ᠪᠠᠷ ᠳᠡᠭᠡᠭᠰᠢᠯᠡᠵᠦ᠂ ᠨᠡᠩ ᠰᠠᠶᠢᠲᠤᠷ ᠤᠰᠤ ᠠᠷᠪᠢᠯᠠᠨ᠂ ᠪᠣᠷᠳᠣᠭᠤᠷ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠳᠤ ᠬᠠᠪᠰᠤᠷᠤᠮᠵᠢ ᠪᠣᠯᠣᠨ᠎ᠠ ᠭᠡᠵᠦ ᠲᠤᠬᠠᠢ ᠶᠢᠨ ᠲᠠᠯᠠᠪᠠᠢ ᠶᠢᠨ ᠠᠵᠢᠯᠲᠠᠨ ᠬᠡᠯᠡᠪᠡ᠃ | ᠨᠢᠳᠤᠨᠤᠨ ᠤ ᠭᠠᠳᠠᠭᠠᠳᠤ ᠠᠴᠠ ᠣᠷᠣᠭᠤᠯᠤᠭᠰᠠᠨ ᠠᠦ᠋ᠲ᠋ᠣᠴᠢᠯᠠᠭᠰᠠᠨ ᠳᠣᠲᠣᠷ᠎ᠠ ᠲᠠᠯ᠎ᠠ ᠳᠤᠨᠢ ᠨᠠᠭᠠᠯᠲᠠ ᠲᠠᠢ ᠲᠣᠰᠣᠯᠭᠠᠨ ᠤᠰᠤᠯᠠᠬᠤ ᠪᠦᠰᠡ ᠶᠢᠨ | ᠦᠢᠯᠡᠳᠪᠦᠷᠢᠯᠡᠯ ᠤᠨ ᠱᠤᠭᠤᠮ ᠨᠢ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠦᠢᠯᠡᠳᠬᠦᠨ ᠢ | ᠤᠭᠰᠠᠷᠠᠬᠤ ᠳᠤ ᠨᠠᠩ ᠲᠥᠬᠦᠮ ᠪᠣᠯᠵᠤ᠂ ᠲᠠᠷᠢᠶᠠᠨ ᠭᠠᠵᠠᠷ ᠵᠢᠴᠢ ᠬᠦᠯᠡᠮᠵᠢ ᠶᠢᠨ ᠤᠰᠤ ᠠᠷᠪᠢᠯᠠᠬᠤ ᠤᠰᠤᠯᠠᠯᠲᠠ ᠳᠤ ᠥᠷᠭᠡᠨ ᠢᠶᠠᠷ ᠬᠡᠷᠡᠭᠯᠡᠵᠦ ᠪᠣᠯᠣᠨ᠎ᠠ᠃ | ᠠᠶᠤᠯᠭᠦᠢ ᠦᠢᠯᠡᠳᠪᠦᠷᠢᠯᠡᠯ ᠢ ᠪᠠᠲᠤᠯᠠᠭᠰᠠᠨ ᠤᠷᠢᠲᠠᠯ ᠳᠣᠣᠷ᠎ᠠ᠂ ᠦᠢᠯᠡᠳᠪᠦᠷᠢᠯᠡᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠪᠤᠷ ᠤᠨ ᠲᠠᠷᠢᠶᠠᠯᠠᠭ᠎ᠠ | ᠠᠴᠠ ᠡᠮᠦᠨ᠎ᠡ 3 ᠲᠦᠮᠡᠨ ᠳᠤᠰᠤᠯᠭᠠᠨ ᠤᠰᠤᠯᠠᠬᠤ ᠪᠦᠰᠡ ᠶᠢ ᠦᠢᠯᠡᠳᠪᠦᠷᠢᠯᠡᠵᠦ᠂ ᠪᠦᠬᠦ ᠰᠤᠮᠤ ᠪᠣᠯᠣᠨ ᠡᠷᠭᠢᠨ ᠲᠣᠭᠤᠷᠢᠨ ᠤ ᠮᠠᠯᠵᠢᠬᠤ ᠲᠠᠷᠢᠶᠠᠯᠠᠬᠤ | ᠣᠷᠣᠨ ᠳᠤ ᠭᠦᠢᠴᠡᠳ ᠬᠡᠮᠵᠢᠶᠡᠨ ᠤ ᠤᠰᠤ ᠠᠷᠪᠢᠯᠠᠬᠤ ᠤᠰᠤᠯᠠᠯᠲᠠ ᠶᠢᠨ ᠡᠳ᠋ ᠪᠣᠳᠠᠰ ᠤᠨ ᠪᠠᠲᠤᠯᠠᠭ᠎ᠠ ᠬᠠᠩᠭᠠᠬᠤ ᠪᠠᠷ ᠲᠥᠯᠥᠪᠯᠡᠵᠦ ᠪᠠᠶᠢᠨ᠎ᠠ ᠭᠡᠵᠦ | ᠬᠠᠷᠢᠭᠤᠴᠠᠯᠭᠠᠲᠠᠨ ᠲᠠᠨᠢᠯᠴᠠᠭᠤᠯᠪᠠ᠃ | ᠰᠦᠮᠡᠲᠦ ᠰᠤᠮᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠢᠮᠠᠭᠲᠠ ᠲᠤᠩ ᠴᠢᠬᠤᠯᠠ ᠪᠠᠶᠢᠷᠢᠨ ᠳᠤ ᠲᠠᠯᠪᠢᠵᠤ᠂ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠪᠦᠬᠦ ᠶᠠᠪᠤᠴᠠ ᠳᠤ ᠰᠠᠭᠤᠷᠢ ᠶᠢ ᠲᠠᠯᠪᠢᠵᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ | ᠡᠯᠪᠡᠭ ᠬᠤᠷᠢᠶᠠᠯᠲᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠠᠬᠢᠭᠤᠯᠬᠤ ᠳᠤ ᠪᠠᠲᠤ ᠰᠠᠭᠤᠷᠢ ᠲᠠᠯᠪᠢᠨ᠎ᠠ᠃ | | |