ᠭᠤᠸ ᠬᠤᠸᠠᠢ ᠵᠢᠩ ᠮᠧᠩ ᠰᠢ ᠪᠠᠯᠭᠠᠰᠤᠨ ᠳᠤ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠭᠤᠣᠯ ᠤᠨ ᠵᠠᠮ ᠢ ᠵᠠᠰᠠᠬᠤ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/10
      4 ᠳ᠋ᠦ᠋ᠭᠡᠷ ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠮᠧᠩ ᠰᠢ ᠪᠠᠯᠭᠠᠰᠤᠨ ᠳᠤ ᠭᠦᠨᠵᠡᠭᠡᠶᠢᠷᠡᠨ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃
W020250409342728443863.jpg
      ᠭᠤᠤ ᠬᠤᠸᠠᠢ ᠵᠢᠩ ᠵᠢᠶᠠᠨᠬᠦ᠋ᠢ ᠲᠣᠰᠬᠤᠨ᠂ ᠰᠤᠪᠠᠭ ᠤᠨ ᠬᠥᠪᠡᠭᠡ ᠲᠣᠰᠬᠤᠨ᠂ ᠶᠡᠬᠡᠪᠤᠯᠠᠭ ᠭᠠᠴᠠᠭ᠎ᠠ ᠲᠤ ᠬᠦᠷᠴᠦ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠡᠷᠭᠡ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠬᠦ ᠳᠡᠭᠡᠨ᠂ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠲᠤᠯᠭᠠᠮ᠎ᠠ ᠴᠢᠨᠠᠷ ᠪᠣᠯᠣᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ︾ ᠵᠠᠩᠭᠢᠯᠠᠭ᠎ᠠ ᠶᠢᠨ ᠬᠤᠭᠤᠴᠠᠭ᠎ᠠ ᠶᠢ ᠭᠦᠢᠴᠡᠳ ᠡᠵᠡᠮᠳᠡᠨ᠂ ᠡᠷᠦᠭᠡ ᠪᠣᠯᠭᠠᠨ ᠳᠤ ᠬᠦᠷᠴᠦ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠭᠤᠯᠬᠤ ᠪᠠᠷ ᠳᠠᠮᠵᠢᠭᠤᠯᠵᠤ᠂ ᠤᠯᠠᠨ ᠲᠦᠮᠡᠨ ᠤ ᠳᠡᠷᠭᠡᠳᠡᠬᠢ ᠬᠠᠮᠢᠶ᠎ᠠ ᠪᠦᠬᠦᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠤᠯᠠᠨ ᠲᠦᠮᠡᠨ ᠤ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠶᠢ ᠬᠥᠲᠥᠯᠥᠨ ᠵᠢᠯᠣᠭᠤᠳᠪᠠ᠃ ︽ᠭᠤᠣᠯᠳᠠᠯᠭ᠎ᠠ ᠲᠠᠢ ᠡᠷᠦᠬᠡ︾ ᠶᠢ ᠴᠢᠩᠭ᠎ᠠ ᠠᠩᠬᠠᠷᠴᠤ᠂ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠦᠮᠡᠭᠴᠡ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠂ ᠤᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠠᠶᠢᠩᠭᠤ ᠲᠣᠭᠤᠷᠢᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢ ᠡᠪᠳᠡᠬᠦ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠣᠯᠣᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠮᠠᠯ ᠤᠨ ᠲᠤᠭ᠎ᠠ ᠪᠠᠨ ᠵᠣᠬᠢᠰᠲᠠᠢ ᠲᠥᠯᠥᠪᠵᠢᠭᠦᠯᠦᠨ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠡᠷᠡᠰ ᠬᠤᠷᠢᠭᠯᠠᠵᠤ᠂ ᠬᠥᠷᠥᠰᠥ ᠰᠢᠷᠣᠢ ᠶᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠪᠡ᠃    ᠭᠤᠤ ᠬᠤᠸᠠᠢ ᠵᠢᠩ ᠠᠯᠲᠠᠳᠤ ᠶᠢᠨ ᠭᠤᠣᠯ ᠳᠤ ᠬᠦᠷᠴᠦ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠬᠠᠷᠢᠭᠤᠴᠠᠯᠭᠠᠲᠤ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠬᠠᠷᠢᠭᠤᠴᠠᠯᠭ᠎ᠠ ᠶᠢ ᠦᠨᠡᠨᠬᠦ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠲᠣᠪᠤᠶᠢᠯᠭᠠᠨ᠂ ᠴᠡᠭᠴᠡᠯᠡᠨ ᠵᠠᠰᠠᠬᠤ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠠᠵᠢᠯ ᠢ ᠲᠦᠷᠭᠡᠨ ᠠᠬᠢᠭᠤᠯᠤᠨ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠨᠠᠷᠢᠨ ᠳᠠᠩᠰᠠᠨ ᠳᠠᠬᠢ ᠴᠡᠭᠴᠡᠯᠡᠨ ᠵᠠᠰᠠᠭᠰᠠᠨ ᠢ ᠳᠠᠩᠰᠠᠨ ᠠᠴᠠ ᠭᠠᠷᠭᠠᠨ᠂ ᠭᠤᠣᠯ ᠤᠨ ᠵᠠᠮ ᠤᠨ ︽ᠳᠥᠷᠪᠡᠨ ᠳᠤᠷᠠᠪᠠᠷ︾ ᠠᠰᠠᠭᠤᠳᠠᠯ ᠢ ᠴᠡᠭᠴᠡᠯᠡᠨ ᠵᠠᠰᠠᠬᠤ ᠡᠭᠦᠷᠭᠡ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ᠢ ᠡᠷᠡᠰ ᠨᠠᠶᠢᠳᠠᠪᠤᠷᠢᠵᠢᠭᠤᠯᠵᠤ᠂ ᠭᠤᠣᠯ ᠤᠨ ᠵᠠᠮ ᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠳᠬᠠᠨ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠮᠠᠯᠲᠠᠬᠤ᠂ ᠳᠤᠷ᠎ᠠ ᠪᠠᠷ ᠡᠵᠡᠯᠡᠬᠦ᠂ ᠳᠤᠷ᠎ᠠ ᠪᠠᠷ ᠪᠠᠶᠢᠭᠤᠯᠬᠤ ᠵᠡᠷᠭᠡ ᠲᠣᠪᠣᠶᠢᠮ᠎ᠠ ᠠᠰᠠᠭᠤᠳᠠᠯ ᠢ ᠢᠯᠡᠷᠡᠭᠦᠯᠦᠮᠡᠭᠴᠡ ᠴᠡᠭᠴᠡᠯᠡᠨ ᠵᠠᠰᠠᠵᠤ᠂ ᠤᠰᠤ ᠶᠢ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠭᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ