ᠤᠯᠠᠭᠠᠨᠪᠠᠯᠭᠠᠰᠤ ᠨᠠᠮ ᠤᠨ ᠪᠠᠶᠢᠭᠤᠯᠤᠯᠲᠠ ᠪᠠᠷ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢ ᠬᠥᠲᠥᠯᠥᠨ ᠳᠠᠭᠠᠭᠤᠯᠵᠤ  ︽1 + 2 + 3︾ ᠶᠢᠨ ᠵᠠᠭᠪᠤᠷ ᠤᠨ ᠰᠢᠨ᠎ᠡ ᠶᠢ ᠡᠭᠦᠳᠬᠦ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠠᠭᠤᠳᠠᠰᠤ ᠶᠢ ​ᠪᠢᠴᠢᠭᠯᠡᠪᠡ
ᠨᠡᠶᠢᠲᠡᠯᠡᠭᠰᠡᠨ ᠴᠠᠭ᠄
2025/4/11
      ᠤᠲᠤᠭ ᠬᠤᠰᠢᠭᠤᠨ ᠤ ᠤᠯᠠᠭᠠᠨᠪᠠᠯᠭᠠᠰᠤᠨ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ᠂ ︽ᠲᠠᠪᠤᠨ ᠨᠡᠶᠢᠭᠡᠮ ᠵᠢᠷᠭᠤᠭᠠᠨ ᠦᠷᠳᠡᠭᠡ︾  ᠪᠠᠷ ᠭᠤᠣᠯ ᠪᠣᠯᠭᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠶᠠᠭ ᠥᠷᠨᠢᠨ ᠬᠥᠭᠵᠢᠵᠦ ᠪᠠᠶᠢᠨ᠎ᠠ᠃ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠷᠢᠨ ᠨᠢᠮᠪᠠᠢ ᠵᠢᠯᠣᠭᠤᠳᠤᠯᠭ᠎ᠠ ᠵᠢᠴᠢ ᠤᠯᠠᠭᠠᠨᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠣᠰ ᠵᠠᠭᠪᠤᠷ ᠨᠢ ᠣᠯᠠᠨ ᠲᠠᠯ᠎ᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠳᠤ ᠰᠢᠨ᠎ᠡ ᠶᠢ ᠡᠭᠦᠳᠬᠦ ᠰᠡᠳᠬᠢᠴᠡ ᠬᠢᠭᠡᠳ ᠦᠢᠯᠡᠳᠦᠯᠭᠡ ᠶᠢᠨ ᠵᠠᠭᠪᠤᠷ ᠢ ᠬᠠᠩᠭᠠᠵᠤ᠂ ᠰᠠᠷᠠᠭᠤᠯ ᠳᠠᠷᠳᠠᠩ ᠬᠥᠭᠵᠢᠯᠲᠡ ᠶᠢᠨ ᠢᠷᠡᠭᠡᠳᠦᠢ ᠶᠢ ᠬᠠᠷᠠᠭᠤᠯᠤᠭᠰᠠᠨ ᠪᠠᠶᠢᠨ᠎ᠠ᠃      1 ᠭᠤᠣᠯᠳᠠᠯᠭ᠎ᠠ ᠪᠠᠷ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠪᠠᠷ ︽ᠲᠠᠪᠤᠨ ᠨᠡᠶᠢᠭᠡᠮ ᠵᠢᠷᠭᠤᠭᠠᠨ ᠦᠷᠳᠡᠭᠡ︾ ᠶᠢᠨ ᠠᠭᠤᠰᠤᠯᠴᠠᠯ ᠬᠥᠭᠵᠢᠯᠲᠡ ᠶᠢ ᠬᠥᠲᠥᠯᠥᠨ ᠳᠠᠭᠠᠭᠤᠯᠪᠠ      ᠤᠯᠠᠭᠠᠨᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠦᠢᠯᠡᠴᠢᠯᠡᠭᠡ ᠶᠢᠨ ᠪᠦᠬᠦ ᠶᠠᠪᠤᠴᠠ ᠳᠤ ᠲᠣᠭᠤᠰᠢᠯᠠᠭᠤᠯᠬᠤ ᠪᠠᠷ ᠨᠠᠮ ᠤᠨ ᠬᠤᠷᠢᠶ᠎ᠠ ᠶᠢᠨ ᠳᠡᠳ᠋ ᠱᠦᠵᠢ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠰᠠᠨ᠂ ᠠᠷᠠᠳ ᠤᠨ ᠶᠠᠪᠤᠳᠠᠯ ᠤᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠣᠯᠣᠨ ᠤᠯᠠᠭᠠᠨᠪᠠᠯᠭᠠᠰᠤᠨ ᠤ ᠠᠷᠠᠳ ᠤᠨ ᠶᠠᠪᠤᠳᠠᠯ ᠤᠨ ᠠᠵᠢᠯ ᠤᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠳᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠭᠰᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠵᠢᠴᠢ ︽ᠵᠢᠷᠭᠤᠭᠠᠨ ᠥᠷᠲᠡᠭᠡ︾ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠠᠷᠠᠳ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠷᠢᠯᠳᠦᠭᠦᠯᠪᠡ᠃      ᠡᠭᠦᠨ ᠤ ᠬᠠᠮᠲᠤ᠂ ᠨᠠᠮ ᠤᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠵᠤ᠂ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ᠂ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠥᠷᠲᠡᠭᠡ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠥᠷᠲᠡᠭᠡ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡ᠂ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ᠂ ᠨᠢᠭᠦᠯᠡᠰᠦᠩᠭᠦᠢ ᠶᠢᠨ ᠦᠢᠯᠡᠴᠢᠯᠡᠭᠡᠨ ᠤ ᠥᠷᠲᠡᠭᠡ ᠶᠢ ᠨᠢᠭᠲᠠ ᠬᠤᠯᠪᠣᠵᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠲᠠᠪᠤᠨ ᠨᠡᠶᠢᠭᠡᠮ ᠬᠤᠯᠪᠤᠭᠠᠯᠠᠨ ᠬᠥᠳᠡᠯᠦᠯᠴᠡᠬᠦ᠂ ᠵᠢᠷᠭᠤᠭᠠᠨ ᠥᠷᠲᠡᠭᠡ ᠬᠠᠮᠵᠢᠯᠴᠠᠬᠤ︾ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠂ ᠡᠨᠡᠬᠦ ᠪᠠᠶᠢᠷᠢᠰᠢᠯ ᠨᠢ ᠦᠨᠳᠦᠰᠦᠨ ᠱᠠᠲᠤᠨ ᠤ ᠦᠢᠯᠡᠴᠢᠯᠡᠭᠡ ᠶᠢᠨ ︽ᠲᠤᠰ ᠲᠤᠰ ᠲᠠᠭᠠᠨ ᠠᠵᠢᠯᠯᠠᠵᠤ︾ ᠪᠠᠶᠢᠭᠰᠠᠨ ᠠᠴᠠ ︽ᠬᠠᠮᠵᠢᠯᠴᠠᠨ ᠠᠵᠢᠯᠯᠠᠬᠤ︾ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      2 ᠶᠡᠭᠡ ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠰᠠᠭᠤᠷᠢ ᠶᠢ ᠪᠠᠲᠤᠳᠬᠠᠪᠠ      ᠨᠠᠷᠢᠯᠢᠭ ᠣᠨᠣᠪᠴᠢᠲᠠᠢ ᠪᠠᠷ ᠦᠨᠡᠯᠡᠨ ᠵᠢᠱᠢᠵᠦ᠂ ᠥᠪᠡᠷᠮᠢᠴᠡ ᠦᠢᠯᠡᠴᠢᠯᠡᠭᠡ ᠶᠢ ᠬᠠᠩᠭᠠᠪᠠ᠃ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠤᠯᠠᠭᠠᠨᠪᠠᠯᠭᠠᠰᠤ ᠶᠢᠨ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠪᠠ᠃ ᠨᠡᠶᠢᠭᠡᠮ ᠤᠨ ᠠᠵᠢᠯᠲᠠᠨ ᠨᠡᠶᠢᠭᠡᠮ ᠲᠣᠭᠤᠷᠢᠭ ᠪᠣᠯᠣᠨ ᠭᠡᠷ ᠪᠦᠯᠢ ᠳᠤ ᠭᠦᠨᠵᠡᠭᠡᠶᠢᠷᠡᠵᠦ᠂ ᠬᠠᠷᠢᠶ᠎ᠠ ᠣᠷᠣᠨ ᠳᠣᠲᠣᠷᠠᠬᠢ ᠣᠨᠴᠠ ᠬᠦᠴᠢᠷᠳᠡᠯᠲᠡᠢ ᠬᠦᠮᠦᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠬᠦᠷᠲᠡᠭᠰᠡᠳ᠂ ᠬᠦᠴᠢᠷᠳᠡᠯᠲᠡᠢ ᠬᠡᠦᠬᠡᠳ᠂ ᠠᠰᠠᠷᠠᠨ ᠬᠠᠷᠠᠭᠠᠯᠵᠠᠭᠴᠢ ᠪᠠᠨ ᠳᠠᠭᠠᠵᠤ ᠥᠭᠡᠷ᠎ᠡ ᠬᠤᠲᠠ ᠳᠤ ᠰᠠᠭᠤᠵᠤ ᠪᠠᠶᠢᠭ᠎ᠠ ᠬᠡᠦᠬᠡᠳ ᠵᠢᠴᠢ ᠪᠤᠰᠤᠳ ᠨᠡᠶᠢᠭᠡᠮ ᠤᠨ ᠠᠪᠤᠷᠠᠨ ᠲᠤᠰᠠᠯᠠᠯᠲᠠ ᠬᠦᠷᠲᠡᠭᠰᠡᠳ ᠲᠤ ᠪᠥᠬᠦ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠵᠦ᠂ ᠡᠷᠡᠭᠦᠯ ᠮᠡᠨᠳᠦ ᠶᠢᠨ ᠪᠠᠶᠢᠳᠠᠯ᠂ ᠪᠡᠶ᠎ᠡ ᠪᠠᠨ ᠳᠠᠭᠠᠭᠠᠬᠤ ᠴᠢᠳᠠᠪᠤᠷᠢ᠂ ᠰᠡᠳᠬᠢᠴᠡ ᠶᠢᠨ ᠪᠠᠶᠢᠳᠠᠯ᠂ ᠠᠵᠤ ᠠᠬᠤᠢ ᠶᠢᠨ ᠨᠥᠬᠦᠴᠡᠯ᠂ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠣᠯᠠᠨ ᠲᠠᠯ᠎ᠠ ᠠᠴᠠ ᠦᠨᠡᠯᠡᠨ ᠵᠢᠱᠢᠬᠦ ᠶᠢᠨ ᠬᠠᠮᠲᠤ ︽ᠨᠢᠭᠡ ᠬᠥᠮᠥᠨ ᠳᠤ ᠨᠢᠭᠡ ᠲᠠᠩᠰᠠ︾ ᠪᠠᠶᠢᠭᠤᠯᠤᠨ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠲᠠᠢ ᠬᠦᠮᠦᠰ ᠲᠤ ᠦᠢᠯᠡᠴᠢᠯᠡᠭᠡᠨ ᠤ ᠲᠥᠰᠥᠯ ᠲᠣᠭᠲᠠᠭᠠᠵᠤ᠂ ᠡᠬᠢ ᠪᠠᠶᠠᠯᠢᠭ ᠢ ᠨᠠᠷᠢᠯᠢᠭ ᠣᠨᠣᠪᠴᠢᠲᠠᠢ ᠪᠠᠷ ᠠᠰᠢᠭᠯᠠᠨ᠂ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠨᠡ ᠬᠦ ᠵᠠᠭᠪᠤᠷ ᠨᠢ ᠦᠢᠯᠡᠴᠢᠯᠡᠭᠡᠨ ᠤ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠬᠦᠴᠦᠲᠡᠢ ᠠᠬᠢᠭᠤᠯᠪᠠ᠃       ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠨᠳᠥᠷ ᠪᠦᠲᠦᠮᠵᠢᠲᠡᠶ ᠪᠠᠷ ᠲᠣᠬᠢᠷᠠᠭᠤᠯᠪᠠ᠃ ᠤᠯᠠᠭᠠᠨᠪᠠᠯᠭᠠᠰᠤ ᠶᠢᠨ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠡᠮᠬᠢᠯᠡᠨ ᠨᠡᠶᠢᠯᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠨᠢᠭᠡ ᠲᠠᠯ᠎ᠠ ᠪᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠡᠷᠭᠡ ᠤᠯᠠᠨ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠵᠤ᠂ ᠲᠦᠷᠦ ᠶᠢᠨ ᠪᠣᠳᠣᠯᠭ᠎ᠠ᠂ ᠪᠡᠯᠡ ᠮᠥᠩᠭᠦ᠂ ᠡᠳ᠋ ᠪᠣᠳᠠᠰ ᠵᠡᠷᠭᠡ ᠡᠬᠢ ᠪᠠᠶᠠᠯᠢᠭ ᠢ ᠬᠤᠷᠠᠮᠳᠤᠭᠤᠯᠪᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠨᠢᠭᠲᠠ ᠬᠠᠷᠢᠯᠴᠠᠵᠤ᠂ ᠨᠠᠩ ᠣᠯᠠᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠬᠤ ᠪᠠᠷ ᠴᠢᠷᠮᠠᠶᠢᠪᠠ︔ ᠠᠵᠤ ᠠᠬᠤᠶᠢᠯᠠᠯ ᠯᠤᠭ᠎ᠠ ᠭᠦᠨᠵᠡᠭᠡᠢ ᠬᠤᠷᠰᠢᠯᠴᠠᠵᠤ᠂ ᠣᠯᠠᠨ ᠠᠷᠪᠢᠨ ᠡᠳ᠋ ᠪᠣᠳᠠᠰ ᠤᠨ ᠲᠤᠰᠠᠯᠠᠮᠵᠢ ᠶᠢ ᠭᠥᠷᠳᠡᠪᠡ᠃ ᠨᠦᠬᠦᠭᠡ ᠲᠠᠯ᠎ᠠ ᠪᠠᠷ᠂ ᠡᠬᠢ ᠪᠠᠶᠠᠯᠢᠭ ᠢ ᠬᠠᠮᠲᠤᠪᠠᠷ ᠠᠰᠢᠭᠯᠠᠬᠤ ᠲᠠᠪᠴᠠᠩ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤᠪᠠᠷ ᠠᠰᠢᠭᠯᠠᠪᠠ᠃ ᠲᠣᠰ ᠲᠠᠪᠴᠠᠩ ᠢᠶᠠᠷ ᠳᠠᠮᠵᠢᠭᠤᠯᠤᠨ᠂ ᠡᠯ᠎ᠡ ᠦᠢᠯᠡᠴᠢᠯᠡᠭᠡᠨ ᠤ ᠥᠷᠲᠡᠭᠡ ᠴᠡᠭ ᠤᠳ ᠡᠬᠢ ᠪᠠᠶᠠᠯᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤᠪᠠᠷ ᠠᠰᠢᠭᠯᠠᠨ᠂ ᠦᠢᠯᠡᠴᠢᠯᠡᠭᠦᠯᠦᠭᠴᠢ ᠶᠢᠨ ᠬᠡᠷᠡᠭᠴᠡᠭᠡ ᠱᠠᠭᠠᠷᠳᠠᠯᠭ᠎ᠠ ᠪᠠᠷ ᠡᠬᠢ ᠪᠠᠶᠠᠯᠢᠭ ᠢ ᠬᠥᠳᠡᠯᠦᠩᠭᠦᠢ ᠪᠠᠷ ᠲᠣᠬᠢᠷᠠᠭᠤᠯᠵᠤ᠂ ᠡᠬᠢ ᠪᠠᠶᠠᠯᠢᠭ ᠢ ᠰᠤᠯᠠ ᠬᠠᠶᠠᠬᠤ ᠪᠠ ᠪᠦᠷᠢᠯᠭᠡᠨ ᠰᠦᠢᠳᠬᠡᠬᠦ ᠠᠴᠠ ᠪᠦᠲᠦᠮᠵᠢᠲᠡᠶ ᠵᠠᠶᠢᠯᠠᠰᠬᠢᠨ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡ ᠳᠤ ᠪᠠᠲᠤ ᠪᠠᠬᠢ ᠪᠠᠲᠤᠯᠠᠭ᠎ᠠ ᠬᠠᠩᠭᠠᠪᠠ᠃      3 ᠱᠠᠲᠤ ᠪᠠᠷ ᠢᠶᠠᠨ ᠬᠠᠮᠵᠢᠯᠴᠠᠨ ᠬᠥᠳᠡᠯᠦᠯᠴᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠪᠠ       ᠭᠤᠣᠯ ᠴᠣᠭᠴᠠ ᠨᠢ ᠬᠠᠮᠵᠢᠯᠴᠠᠵᠤ᠂ ᠵᠠᠰᠠᠭ ᠤᠨ ᠣᠷᠳᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠭᠡᠷ ᠪᠦᠯᠢ ᠬᠠᠮᠲᠤᠷᠠᠨ ᠠᠵᠢᠯᠯᠠᠪᠠ᠃ ᠵᠠᠰᠠᠭ ᠤᠨ ᠣᠷᠳᠣᠨ ᠭᠤᠣᠯᠯᠠᠨ ᠤᠳᠤᠷᠢᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠬᠢᠭᠡᠳ ᠪᠡᠯᠡ ᠮᠥᠩᠭᠦ ᠶᠢᠨ ᠳᠡᠮᠵᠢᠯᠭᠡ ᠬᠠᠩᠭᠠᠨ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠠᠷ ᠬᠦᠴᠦᠨ ᠨᠡᠮᠡᠷᠢᠯᠡᠵᠦ᠂ ᠲᠤᠰᠬᠠᠢ ᠮᠡᠷᠭᠡᠵᠢᠯ ᠤᠨ ᠨᠡᠶᠢᠭᠡᠮ ᠤᠨ ᠠᠵᠢᠯᠲᠠᠳ ᠴᠡᠭ ᠲᠤ ᠰᠠᠭᠤᠵᠤ ︽ᠵᠢᠷᠭᠤᠭ᠎ᠠ ᠶᠢ ᠲᠤᠰᠠᠯᠠᠵᠤ ᠨᠢᠭᠡ ᠶᠢ ᠬᠠᠮᠠᠭᠠᠯᠠᠬᠤ︾ ᠨᠠᠰᠤᠵᠢᠯ ᠤᠨ ᠠᠰᠠᠷᠠᠮᠵᠢ᠂ ᠬᠡᠦᠬᠡᠳ ᠤᠨ ᠳᠠᠷᠤᠭᠠᠰᠤ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠣᠨᠴᠠᠯᠢᠭᠲᠤ ᠠᠵᠢᠯᠯᠠᠭ᠎ᠠ ᠥᠷᠨᠢᠭᠦᠯᠦᠨ᠂ ᠲᠤᠰᠬᠠᠢ ᠮᠡᠷᠭᠡᠵᠢᠯ ᠤᠨ ᠬᠦᠴᠦᠨ ᠢ ᠨᠡᠮᠡᠷᠢᠯᠡᠪᠡ᠃ ᠭᠡᠷ ᠪᠦᠯᠢ ᠶᠢᠨ ᠬᠢᠨ ᠴᠦ ︽ᠭᠡᠷ ᠪᠦᠯᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡ︾ ᠳᠤ ᠢᠳᠡᠪᠬᠢᠲᠡᠢ ᠣᠷᠣᠯᠴᠠᠬᠤ ᠪᠠᠷ ᠳᠡᠮᠵᠢᠨ᠂ ᠭᠡᠷ ᠪᠦᠯᠢ ᠶᠢᠨ ᠳᠡᠮᠵᠢᠯᠭᠡ ᠶᠢ ᠴᠢᠩᠭᠠᠳᠬᠠᠵᠤ᠂ ᠬᠠᠷᠠᠭᠠᠯᠵᠠᠬᠤ ᠳᠠᠷᠤᠭᠠᠰᠤ ᠶᠢ ᠬᠥᠩᠭᠡᠷᠡᠭᠦᠯᠪᠡ᠃ ᠭᠤᠷᠪᠠᠨ ᠲᠠᠯ᠎ᠠ ᠪᠠᠷ ᠢᠶᠠᠨ ᠬᠠᠮᠵᠢᠯᠴᠠᠵᠤ᠂ ᠦᠢᠯᠡᠴᠢᠯᠡᠭᠡᠨ ᠤ ᠨᠢᠭᠲᠠ ᠲᠣᠣᠷ ᠢ ᠬᠠᠮᠲᠤᠪᠠᠷ ᠴᠣᠭᠴᠠᠯᠠᠪᠠ᠃      ᠦᠢᠯᠡᠴᠢᠯᠡᠭᠡ ᠶᠢ ᠬᠠᠮᠵᠢᠯᠴᠠᠭᠤᠯᠵᠤ᠂ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠣᠣᠷ ᠢ ᠪᠠᠲᠤᠳᠬᠠᠪᠠ᠃ ᠤᠯᠠᠭᠠᠨᠪᠠᠯᠭᠠᠰᠤ ᠶᠢᠨ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠵᠠᠭᠪᠤᠷ ᠲᠤ ᠨᠡᠶᠢᠭᠡᠮ ᠤᠨ ᠠᠵᠢᠯᠲᠠᠨ᠂ ᠰᠠᠶᠢᠨ ᠳᠤᠷᠠᠴᠤᠳ᠂ ᠨᠢᠭᠦᠯᠡᠰᠦᠩᠭᠦᠢ ᠶᠢᠨ ᠦᠢᠯᠡᠰ ᠵᠡᠷᠭᠡ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠦᠴᠦᠯᠡᠵᠦ᠂ ᠰᠠᠭᠤᠭᠠᠯᠢ ᠠᠷᠠᠳ ᠲᠤ ᠰᠢᠯᠢᠳᠡᠭ ᠦᠢᠯᠡᠴᠢᠯᠡᠭᠡ ᠬᠠᠩᠭᠠᠪᠠ᠃ ᠨᠡᠶᠢᠭᠡᠮ ᠤᠨ ᠠᠵᠢᠯᠲᠠᠨ ᠲᠤᠰᠬᠠᠢ ᠮᠡᠷᠭᠡᠵᠢᠯ ᠤᠨ ᠮᠡᠳᠡᠯᠭᠡ ᠪᠣᠯᠣᠨ ᠤᠷ᠎ᠠ ᠴᠢᠳᠠᠪᠤᠷᠢ ᠪᠠᠷ ᠢᠶᠠᠨ ᠲᠤᠰᠬᠠᠢ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠬᠡᠦᠬᠡᠳ ᠲᠤ ᠠᠩᠬᠠᠷᠤᠯ ᠲᠥᠪᠯᠡᠷᠡᠭᠦᠯᠬᠦ ᠪᠣᠯᠪᠠᠰᠤᠷᠠᠯ ᠬᠢᠵᠦ᠂ ᠨᠠᠰᠤᠲᠠᠶᠢᠴᠤᠳ ᠲᠤ ᠳᠡᠮᠵᠢᠯᠭᠡ ᠶᠢᠨ ᠲᠣᠣᠷ ᠪᠠᠶᠢᠭᠤᠯᠤᠨ᠂ ᠲᠡᠳᠡᠨ ᠤ ᠠᠮᠤᠷ ᠲᠦᠪᠰᠢᠨ ᠬᠢᠭᠡᠳ ᠲᠠᠭᠠᠯᠠᠮᠵᠢᠲᠠᠢ ᠪᠠᠶᠢᠬᠤ ᠶᠢ ᠪᠠᠲᠤᠯᠠᠪᠠ᠃ ᠰᠠᠶᠢᠨ ᠳᠤᠷᠠᠴᠤᠳ ︽ᠬᠤᠨ ᠭᠠᠯᠠᠭᠤ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ︾᠂ ︽ᠨᠠᠰᠤᠲᠠᠶᠢᠴᠤᠳ ᠢ ᠴᠢᠭᠢᠷᠠᠭᠵᠢᠭᠤᠯᠵᠤ ᠪᠠᠭᠤᠷᠠᠶᠢᠴᠤᠤᠯ ᠢ ᠬᠠᠪᠰᠤᠷᠬᠤ︾ ᠬᠠᠪᠰᠤᠷᠤᠯᠴᠠᠬᠤ ᠠᠩᠭᠢ ᠵᠡᠷᠭᠡ ᠶᠢ ᠵᠣᠬᠢᠶᠠᠨ ᠪᠠᠶᠢᠭᠤᠯᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠬᠠᠶᠢᠷ᠎ᠠ ᠬᠠᠯᠠᠮᠵᠢᠯᠠᠯ ᠪᠠ ᠲᠤᠰᠠᠯᠠᠮᠵᠢ ᠬᠦᠷᠭᠡᠪᠡ᠃ ᠨᠢᠭᠦᠯᠡᠰᠦᠩᠭᠦᠢ ᠶᠢᠨ ᠬᠦᠴᠦᠨ ᠵᠦᠢᠯ ᠤᠨ ᠬᠢᠨ ᠬᠥᠪᠥᠩ ᠱᠠᠬᠠᠢ᠂ ᠬᠠᠶᠢᠷ᠎ᠠ ᠬᠠᠯᠠᠮᠵᠢ ᠶᠢᠨ ᠪᠣᠭᠤᠳᠠᠯ ᠵᠡᠷᠭᠡ ᠡᠳ᠋ ᠪᠣᠳᠠᠰ ᠢ ᠢᠳᠡᠪᠬᠢᠲᠡᠢ ᠬᠠᠨᠳᠢᠪᠯᠠᠵᠤ᠂ ︽ᠥᠴᠥᠬᠡᠨ ᠬᠦᠰᠡᠯ︾ ᠣᠷᠳᠣ ᠬᠤᠭᠤᠴᠠᠭᠠᠨ ᠤ ᠪᠦᠲᠦᠮᠵᠢᠲᠡᠶ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ᠂ ᠬᠠᠶᠢᠷ᠎ᠠ ᠬᠠᠯᠠᠮᠵᠢ ᠶᠢ ᠦᠷᠭᠦᠯᠵᠢᠯᠡᠨ ᠳᠠᠮᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠪᠡ᠃      ᠥᠷᠲᠡᠭᠡᠨ ᠤ ᠳᠣᠲᠣᠷ᠎ᠠ ᠭᠠᠳᠠᠨ᠎ᠠ  ᠶᠢ ᠬᠠᠮᠵᠢᠯᠴᠠᠭᠤᠯᠤᠨ᠂ ᠦᠢᠯᠡᠴᠢᠯᠡᠭᠡᠨ ᠤ ᠥᠷᠭᠡᠴᠡ ᠬᠢᠭᠡᠳ ᠭᠦᠨᠴᠡ ᠶᠢ ᠥᠷᠭᠡᠳᠬᠡᠪᠡ᠃ ᠤᠯᠠᠭᠠᠨᠪᠠᠯᠭᠠᠰᠤ ᠶᠢᠨ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠦᠢᠯᠡᠴᠢᠯᠡᠭᠡ ᠶᠢ ᠥᠷᠲᠡᠭᠡ ᠳᠣᠲᠣᠷ᠎ᠠ ᠠᠴᠠ ᠥᠷᠲᠡᠭᠡᠨ ᠤ ᠭᠠᠳᠠᠨ᠎ᠠ ᠪᠣᠯᠭᠠᠨ ᠥᠷᠭᠡᠳᠬᠡᠵᠦ᠂ ᠥᠷᠲᠡᠭᠡ ᠶᠢᠨ ᠳᠣᠲᠣᠷ᠎ᠠ ᠭᠠᠳᠠᠨ᠎ᠠ ᠬᠠᠮᠵᠢᠯᠴᠠᠨ ᠦᠢᠯᠡᠴᠢᠯᠡᠬᠦ ᠵᠠᠭᠪᠤᠷ ᠢ ᠪᠣᠶ ᠪᠣᠯᠭᠠᠨ᠂ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠥᠷᠲᠡᠭᠡᠨ ᠳᠣᠲᠣᠷ᠎ᠠ᠂ ᠡᠯ᠎ᠡ ᠦᠢᠯᠡᠴᠢᠯᠡᠭᠡᠨ ᠤ ᠥᠷᠲᠡᠭᠡ ᠴᠡᠭ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠳᠥᠭᠦᠮ ᠳᠥᠲᠡ ᠦᠢᠯᠡᠴᠢᠯᠡᠭᠡᠨ ᠤ ᠣᠷᠣᠨ ᠵᠠᠢ ᠶᠢ ᠪᠣᠶ ᠪᠣᠯᠭᠠᠪᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠡᠳᠦᠷ ᠲᠤᠲᠤᠮ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠰᠣᠶᠣᠯ ᠵᠤᠭ᠎ᠠ ᠴᠡᠩᠭᠡᠯ ᠵᠡᠷᠭᠡ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠣᠯᠠᠨ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ︔ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠥᠷᠲᠡᠭᠡ ᠬᠡᠦᠬᠡᠳ ᠤᠨ ᠦᠰᠦᠨ ᠪᠤᠶᠢᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠶᠢᠨ ᠬᠠᠪᠰᠤᠷᠤᠨ ᠵᠢᠯᠣᠭᠤᠳᠤᠯᠭ᠎ᠠ᠂ ᠰᠡᠳᠬᠢᠴᠡ ᠶᠢᠨ ᠬᠠᠯᠠᠮᠵᠢᠯᠠᠯ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠦᠢᠯᠡᠴᠢᠯᠡᠭᠡ ᠬᠠᠩᠭᠠᠨ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠪᠠ᠃ ᠥᠷᠲᠡᠭᠡᠨ ᠤ ᠭᠠᠳᠠᠨ᠎ᠠ᠂ ᠨᠡᠶᠢᠭᠡᠮ ᠤᠨ ᠠᠵᠢᠯᠲᠠᠳ ᠪᠣᠯᠣᠨ ᠰᠠᠶᠢᠨ ᠳᠤᠷᠠᠴᠤᠳ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ ᠭᠦᠨᠵᠡᠭᠡᠶᠢᠷᠡᠨ᠂ ᠨᠡᠭᠦᠳᠡᠯ ᠦᠢᠯᠡᠴᠢᠯᠡᠭᠡ ᠬᠠᠩᠭᠠᠵᠤ᠂ ᠦᠢᠯᠡᠴᠢᠯᠡᠭᠡ ᠶᠢ ᠣᠯᠠᠨ ᠲᠦᠮᠡᠨ ᠤ ᠳᠡᠷᠭᠡᠳᠡ ᠬᠦᠷᠭᠡᠨ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠬᠥᠮᠥᠨ ᠳᠤ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠲᠥᠬᠦᠮ ᠲᠦᠳᠡ ᠬᠢᠭᠡᠳ ᠬᠠᠯᠠᠭᠤᠨ ᠳᠤᠯᠠᠭᠠᠨ ᠢ ᠮᠡᠳᠡᠷᠡᠭᠦᠯᠪᠡ᠃      ᠤᠯᠠᠭᠠᠨᠪᠠᠯᠭᠠᠰᠤ ᠶᠢᠨ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ︽1 + 2 + 3︾ ᠶᠢᠨ ᠦᠢᠯᠡᠴᠢᠯᠡᠭᠡᠨ ᠤ ᠵᠠᠭᠪᠤᠷ ᠢᠯᠡᠳᠲᠡ ᠦᠷ᠎ᠡ ᠪᠦᠲᠦᠮᠵᠢ ᠣᠯᠣᠭᠰᠠᠨ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ ᠲᠥᠷᠥ ᠶᠢᠨ ᠪᠣᠳᠣᠯᠭ᠎ᠠ ᠶᠢ ᠨᠠᠩ ᠣᠨᠣᠪᠴᠢᠲᠠᠶ ᠨᠠᠶᠢᠳᠠᠪᠤᠷᠢᠵᠢᠭᠤᠯᠵᠤ᠂ ᠨᠡᠩ ᠣᠯᠠᠨ ᠨᠥᠬᠦᠴᠡᠯ ᠳᠤ ᠨᠡᠶᠢᠴᠡᠬᠦ ᠬᠦᠴᠢᠷᠳᠡᠯᠲᠡᠢ ᠣᠯᠠᠨ ᠲᠦᠮᠡᠨ ᠳᠤ ᠬᠠᠷᠠᠭᠠᠯᠵᠠᠭᠰᠠᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠨ᠂ ᠦᠨᠳᠦᠰᠦᠨ ᠠᠮᠢᠳᠤᠷᠠᠯ ᠢ ᠨᠢ ᠪᠠᠲᠤᠯᠠᠪᠠ︔ ᠡᠬᠢ ᠪᠠᠶᠠᠯᠢᠭ ᠢ ᠨᠡᠩ ᠥᠨᠳᠥᠷ ᠪᠦᠲᠦᠮᠵᠢᠲᠡᠶ ᠲᠣᠬᠢᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠵᠦ ᠨᠡᠶᠢᠯᠡᠭᠦᠯᠦᠨ᠂ ᠦᠢᠯᠡᠴᠢᠯᠡᠭᠦᠯᠦᠭᠴᠢ ᠳᠤ ᠤᠯᠠᠨ ᠠᠷᠪᠢᠨ ᠡᠳ᠋ ᠪᠣᠳᠠᠰ ᠪᠣᠯᠣᠨ ᠦᠢᠯᠡᠴᠢᠯᠡᠭᠡᠨ ᠤ ᠳᠡᠮᠵᠢᠯᠭᠡ ᠬᠠᠩᠭᠠᠪᠠ︔ ᠦᠢᠯᠡᠴᠢᠯᠡᠭᠡᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠥᠪᠡᠷᠮᠢᠴᠡ ᠦᠢᠯᠡᠴᠢᠯᠡᠭᠡ ᠬᠢᠭᠡᠳ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠᠷ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢ ᠨᠢ ᠪᠦᠲᠦᠮᠵᠢᠲᠡᠶ ᠬᠠᠮᠠᠭᠠᠯᠠᠪᠠ᠃ ᠪᠦᠷᠢᠳᠬᠡᠯ ᠢ ᠦᠨᠳᠦᠰᠦᠯᠡᠪᠡᠯ᠂ ᠦᠢᠯᠡᠴᠢᠯᠡᠭᠰᠡᠨ ᠬᠦᠮᠦᠨ ᠤ 500 ᠬᠦᠷᠴᠦ᠂ ᠬᠠᠷᠢᠭᠤ ᠰᠣᠷᠪᠤᠯᠵᠢᠯᠠᠭ᠎ᠠ ᠶᠢᠨ ᠬᠠᠨᠤᠮᠵᠢ ᠶᠢᠨ ᠬᠡᠮᠵᠢᠶ᠎ᠡ 98% ᠳᠤ ᠬᠦᠷᠦᠨ᠂ ᠬᠦᠴᠢᠷᠳᠡᠯᠲᠡᠢ ᠬᠡᠦᠬᠡᠳ ᠢ ᠨᠡᠶᠢᠭᠡᠮ ᠳᠤ ᠠᠭᠤᠰᠤᠯᠴᠠᠭᠤᠯᠤᠭᠰᠠᠨ ᠨᠣᠷᠮ᠎ᠠ 50% ᠪᠠᠷ ᠳᠡᠭᠡᠭᠰᠢᠯᠡᠵᠦ᠂ ᠨᠠᠰᠤᠲᠠᠶᠢᠴᠤᠳ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠬᠢᠭᠡᠳ ᠵᠣᠯ ᠵᠢᠷᠭᠠᠯᠲᠤ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ︽1 + 2 + 3︾ ᠦᠢᠯᠡᠴᠢᠯᠡᠭᠡᠨ ᠤ ᠵᠠᠭᠪᠤᠷ ᠨᠢ ᠪᠠᠰᠠ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠠᠮᠤᠷ ᠲᠣᠭᠲᠠᠭᠤᠨ ᠢ ᠠᠬᠢᠭᠤᠯᠵᠤ᠂ ᠰᠠᠭᠤᠭᠠᠯᠢ ᠠᠷᠠᠳ ᠤᠨ ᠬᠠᠷᠢᠶᠠᠯᠠᠭᠳᠠᠬᠤ ᠰᠡᠳᠬᠢᠯᠭᠡ ᠬᠢᠭᠡᠳ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠨ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃ ᠬᠤᠵᠢᠮ᠂ ᠤᠯᠠᠭᠠᠨᠪᠠᠯᠭᠠᠰᠤ ︽ᠲᠠᠪᠤᠨ ᠨᠡᠶᠢᠭᠡᠮ ᠵᠢᠷᠭᠤᠭᠠᠨ ᠥᠷᠲᠡᠭᠡ︾ ᠶᠢᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠠᠮᠢᠵᠢᠷᠠᠯ ᠤᠨ ᠬᠦᠴᠦᠨ ᠣᠯᠭᠤᠨ᠂ ᠨᠠᠩ ᠣᠯᠠᠨ ᠬᠦᠮᠦᠨ ᠳᠤ ᠠᠰᠢᠭ ᠬᠦᠷᠲᠡᠭᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ