ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠨ᠂ ᠠᠵᠤ ᠠᠬᠤᠢ ᠶᠢᠨ ᠦᠷ᠎ᠡ ᠠᠰᠢᠭ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ | ᠪᠡᠶᠡᠯᠡᠭᠦᠯᠬᠦ ᠶᠢᠨ ᠲᠥᠯᠥᠭᠡ᠂ ᠣᠶᠢᠷ᠎ᠠ ᠳᠤ᠂ ᠴᠢ ᠫᠠᠨ ᠵᠢᠩ ᠪᠠᠯᠭᠠᠰᠤ ᠶᠢᠨ ᠰᠢᠷᠢᠭᠢ ᠲᠣᠰᠬᠤᠨ ᠳᠤ ᠭᠡᠷᠡᠯ ᠴᠡᠨᠡᠭ ᠤᠨ ᠮᠠᠯ ᠤᠨ ᠬᠠᠰᠢᠶ᠎ᠠ ᠶᠢᠨ ᠲᠦᠷᠦᠯ ᠵᠦᠢᠯ ᠤᠨ | ᠬᠠᠮᠤᠭ ᠰᠡᠭᠦᠯᠴᠢ ᠶᠢᠨ ᠠᠵᠢᠯ ᠢ ᠳᠠᠭᠤᠰᠬᠠᠵᠤ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠮᠵᠢᠯᠲᠠᠲᠠᠢ ᠪᠡᠶᠡᠯᠡᠭᠦᠯᠪᠡ᠃ ᠲᠣᠰ ᠲᠥᠷᠥᠯ ᠵᠦᠢᠯ ᠢ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠠᠶᠠᠨᠨᠠᠭᠤᠷ ᠬᠤᠲᠠ ᠶᠢᠨ ᠵᠢᠢ ᠳ᠋ᠢᠶᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ | ᠠᠴᠠ ᠨᠡᠶᠢᠲᠡ 192 ᠲᠦᠮᠡᠨ ᠲᠥᠭᠦᠷᠢᠭ ᠤᠨ ᠪᠡᠯᠡ ᠣᠷᠣᠭᠤᠯᠤᠨ ᠪᠠᠶᠢᠭᠤᠯᠵᠤ᠂ ︽ᠬᠡᠷᠡᠯ ᠴᠡᠨᠡᠭ + ᠮᠠᠯ ᠤᠨ ᠬᠠᠰᠢᠶ᠎ᠠ + ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︾ ᠰᠢᠨ᠎ᠡ ᠬᠡᠯᠪᠡᠷᠢ ᠶᠢᠨ ᠵᠠᠭᠪᠤᠷ ᠢ ᠬᠡᠷᠡᠭᠯᠡᠨ᠂ 11 ᠡᠷᠦᠬᠡ ᠮᠠᠯᠴᠢᠨ ᠲᠠᠷᠢᠶᠠᠴᠢᠨ ᠡᠷᠦᠬᠡ ᠳᠤ 440 ᠺᠢᠯᠣᠸᠠᠲ ᠤᠨ ᠡᠷᠦᠬᠡ ᠳᠤ | ᠬᠡᠷᠡᠭᠯᠡᠬᠦ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠴᠠᠬᠢᠯᠭᠠᠨ ᠭᠠᠷᠭᠠᠬᠤ ᠥᠷᠲᠡᠭᠡ ᠪᠠᠶᠢᠭᠤᠯᠪᠠ᠃ ᠲᠥᠷᠥᠯ ᠵᠦᠢᠯ ᠢ ᠠᠮᠵᠢᠯᠲᠠᠲᠠᠢ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠬᠤ ᠪᠠᠷ ᠳᠡᠮᠵᠢᠨ᠂ ᠮᠠᠯᠴᠢᠨ ᠲᠠᠷᠢᠶᠠᠴᠢᠨ ᠡᠷᠦᠬᠡ ᠪᠦᠷᠢ ᠶᠢᠨ ᠵᠢᠯ ᠤᠨ ᠣᠷᠣᠯᠭ᠎ᠠ ᠶᠢ 3000 ᠲᠥᠭᠦᠷᠢᠭ ᠣᠷᠴᠢᠮ ᠨᠡᠮᠡᠭᠳᠡᠭᠦᠯᠵᠦ᠂ ᠲᠥᠷᠥᠯ | ᠵᠦᠢᠯ ᠤᠨ ᠡᠵᠡᠩᠨᠡᠯᠲᠡ ᠶᠢᠨ ᠬᠤᠭᠤᠴᠠᠭᠠᠨ ᠳᠠᠬᠢ 11 ᠮᠠᠯᠴᠢᠨ ᠲᠠᠷᠢᠶᠠᠴᠢᠨ ᠡᠷᠦᠬᠡ ᠶᠢᠨ ᠶᠡᠷᠦᠩᠬᠡᠢ ᠠᠰᠢᠭ ᠣᠷᠣᠯᠭ᠎ᠠ ᠶᠢ 75 ᠲᠦᠮᠡᠨ ᠲᠥᠭᠦᠷᠢᠭ ᠲᠤ | ᠬᠦᠷᠭᠡᠵᠦ ᠴᠢᠳᠠᠨ᠎ᠠ᠃ | ᠲᠣᠰ ᠲᠥᠷᠥᠯ ᠵᠦᠢᠯ ᠳᠤ ︽ᠬᠠᠰᠢᠶᠠᠨ ᠤ ᠳᠣᠣᠷ᠎ᠠ ᠨᠢ ᠲᠡᠵᠢᠭᠡᠨ ᠦᠷᠡᠵᠢᠭᠦᠯᠵᠦ ᠳᠡᠭᠡᠷ᠎ᠡ ᠨᠢ ᠴᠠᠬᠢᠯᠭᠠᠨ ᠭᠠᠷᠭᠠᠬᠤ︾ ᠰᠢᠨ᠎ᠡ ᠬᠡᠯᠪᠡᠷᠢ ᠶᠢᠨ ᠠᠮᠢ | ᠠᠬᠤᠢ ᠶᠢᠨ ᠮᠠᠯ ᠠᠵᠤ ᠠᠬᠤᠢ ᠶᠢᠨ ᠠᠷᠭ᠎ᠠ ᠮᠠᠶ᠋ᠢᠭ ᠢ ᠬᠡᠷᠡᠭᠯᠡᠨ᠂ ᠮᠠᠯᠴᠢᠨ ᠲᠠᠷᠢᠶᠠᠴᠢᠨ ᠤ ᠭᠠᠵᠠᠷ ᠢ ᠠᠰᠢᠭᠯᠠᠬᠤ ᠪᠠᠷ ᠳᠠᠮᠵᠢᠭᠤᠯᠵᠤ᠂ ᠮᠠᠯᠴᠢᠨ ᠲᠠᠷᠢᠶᠠᠴᠢᠨ ᠳᠤ | ᠦᠨ᠎ᠡ ᠲᠥᠯᠥᠪᠦᠷᠢ ᠦᠭᠡᠢ ᠪᠠᠷ ᠪᠠᠷᠢᠮᠵᠢᠶᠠᠲᠤ ᠲᠡᠵᠢᠭᠡᠨ ᠦᠷᠡᠵᠢᠭᠦᠯᠬᠦ ᠰᠠᠷᠠᠪᠴᠢ ᠪᠠᠷᠢᠵᠤ ᠥᠭᠭᠦᠨ᠂ ᠳᠠᠬᠢᠨ ᠨᠡᠷᠡᠨ ᠡᠨᠧᠷᠭᠢ ᠶᠢᠨ ᠬᠡᠷᠡᠯ ᠴᠡᠨᠡᠭ ᠤᠨ | ᠬᠠᠪᠲᠠᠰᠤ ᠶᠢ ᠲᠡᠵᠢᠭᠡᠨ ᠦᠷᠡᠵᠢᠭᠦᠯᠬᠦ ᠬᠠᠰᠢᠶᠠᠨ ᠣᠷᠣᠢ ᠳᠤ ᠳᠡᠪᠢᠰᠴᠦ᠂ 25 ᠵᠢᠯ ᠬᠡᠷᠡᠭᠯᠡᠬᠦ ᠶᠢ ᠪᠠᠲᠤᠯᠠᠨ᠎ᠠ᠃ ᠡᠭᠦᠨ ᠤ ᠬᠠᠮᠲᠤ᠂ ᠬᠠᠰᠢᠶᠠᠨ ᠣᠷᠣᠢ ᠳᠠᠬᠢ | ᠬᠡᠷᠡᠯ ᠴᠡᠨᠡᠭ ᠤᠨ ᠬᠠᠪᠲᠠᠰᠤᠨ ᠳᠤ ᠦᠨ᠎ᠡ ᠲᠥᠯᠥᠪᠦᠷᠢ ᠦᠭᠡᠢ ᠪᠠᠷ ᠠᠷᠠᠴᠢᠯᠠᠨ ᠬᠠᠮᠠᠭᠠᠯᠠᠬᠤ ᠪᠠ ᠰᠡᠭᠦᠯᠴᠢ ᠶᠢᠨ ᠬᠤᠭᠤᠴᠠᠭᠠᠨ ᠤ ᠰᠡᠯᠪᠢᠨ ᠵᠠᠰᠠᠬᠤ ᠦᠢᠯᠡᠴᠢᠯᠡᠭᠡ | ᠬᠠᠩᠭᠠᠨ᠎ᠠ᠃ ᠡᠨᠡ ᠨᠢ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠭᠠᠵᠠᠷ ᠰᠢᠷᠣᠢ ᠶᠢ ᠡᠷᠴᠢᠮᠵᠢᠭᠦᠯᠦᠨ | ᠠᠰᠢᠭᠯᠠᠬᠤ ᠬᠢᠭᠡᠳ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ | ᠬᠦᠴᠦᠨ ᠨᠡᠮᠡᠷᠢᠯᠡᠵᠡᠢ᠃ | ︽ᠬᠡᠷᠡᠯ ᠴᠡᠨᠡᠭ + ᠮᠠᠯ ᠤᠨ ᠬᠠᠰᠢᠶ᠎ᠠ︾ ᠶᠢᠨ ᠲᠥᠷᠥᠯ ᠵᠦᠢᠯ ᠢᠶᠠᠷ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠨᠢ ᠴᠢ ᠫᠠᠨ ᠵᠢᠩ ᠪᠠᠯᠭᠠᠰᠤᠨ ᠤ | ᠰᠢᠷᠢᠭᠢ ᠲᠣᠰᠬᠤᠨ ᠤ ᠰᠢᠨ᠎ᠡ ᠮᠠᠶ᠋ᠢᠭ ᠤᠨ ᠠᠮᠢ ᠠᠬᠤᠢ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ | ᠬᠠᠷᠠᠭᠤᠯᠵᠤ ᠪᠠᠶᠢᠨ᠎ᠠ᠂ ᠡᠨᠡ ᠨᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ | ᠡᠭᠦᠳᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ︽ᠬᠠᠷᠢᠯᠴᠠᠨ ᠬᠠᠷᠠᠭᠠᠯᠵᠠᠵᠤ ᠬᠠᠮᠲᠤᠪᠠᠷ ᠠᠰᠢᠭ ᠭᠥᠷᠳᠡᠬᠦ︾ ᠰᠢᠨ᠎ᠡ ᠪᠠᠶᠢᠳᠠᠯ ᠢ ᠪᠣᠢ ᠪᠣᠯᠭᠠᠪᠠ᠃ | | | |