ᠬᠤᠵᠢᠭᠢᠷ ᠡᠪᠡᠰᠦ
ᠨᠡᠶᠢᠲᠡᠯᠡᠭᠰᠡᠨ ᠴᠠᠭ᠄
2025/4/11
      ᠪᠠᠷᠢᠮᠦᠭ ᠤᠨ ᠢᠵᠠᠭᠤᠷ᠂ ᠬᠤᠵᠢᠭᠢᠷ ᠡᠪᠡᠰᠦᠨ ᠤ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠃ 5 — 6 ᠳ᠋ᠤᠭᠠᠷ ᠰᠠᠷ᠎ᠠ ᠳᠤ ᠴᠡᠴᠡᠭᠯᠡᠵᠦ᠂ 7 ᠳ᠋ᠤᠭᠠᠷ ᠰᠠᠷ᠎ᠠ ᠳᠤ ᠦᠷᠡᠯᠡᠨ᠎ᠡ᠃      ᠳᠤᠮᠳᠠ ᠵᠡᠷᠭᠡ ᠶᠢᠨ ᠭᠠᠩᠰᠠᠭ ᠤᠷᠭᠤᠮᠠᠯ᠃ ᠴᠠᠪ᠂ ᠰᠦᠮᠡᠲᠦ᠂ ᠤᠯᠠᠭᠠᠨᠪᠠᠯᠭᠠᠰᠤ ᠵᠡᠷᠭᠡ ᠭᠠᠵᠠᠷ ᠲᠤ ᠤᠷᠭᠤᠳᠠᠭ᠃      ᠴᠡᠴᠡᠭ ᠠᠴᠠ ᠨᠢ ᠥᠨᠦᠷᠲᠤ ᠡᠳ᠋ ᠭᠠᠷᠭᠠᠨ ᠠᠪᠴᠦ ᠪᠣᠯᠣᠨ᠎ᠠ᠃ ᠪᠦᠬᠦᠯᠢ ᠤᠷᠭᠤᠮᠠᠯ ᠢ ᠡᠯᠡᠰᠦ ᠮᠠᠩᠬ᠎ᠠ ᠶᠢ ᠲᠣᠭᠲᠠᠪᠤᠷᠢᠵᠢᠭᠤᠯᠬᠤ ᠳᠤ ᠬᠡᠷᠡᠭᠯᠡᠵᠦ ᠪᠣᠯᠣᠨ᠎ᠠ᠂ ᠡᠯᠡᠰᠦ ᠶᠢ ᠲᠣᠭᠲᠠᠭᠠᠬᠤ ᠨᠡᠯᠢᠶᠡᠳ ᠰᠠᠶᠢᠨ ᠤᠷᠭᠤᠮᠠᠯ ᠪᠣᠯᠣᠨ᠎ᠠ᠃                       ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ