ᠤᠳᠤᠷᠢᠳᠬᠠᠯ᠄ ᠣᠶᠢᠷ᠎ᠠ ᠶᠢᠨ ᠵᠢᠯ ᠳᠤ᠂ ᠣᠲᠤᠭ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠭᠠᠵᠠᠷ ᠤᠨ ᠡᠬᠢ ᠪᠠᠶᠠᠯᠢᠭ ᠢ ᠭᠦᠢᠴᠡᠳ ᠠᠭᠤᠳᠠᠯᠤᠨ᠂ ᠰᠤᠷᠭᠠᠨ | ᠬᠥᠮᠦᠵᠢᠯ ᠤᠨ ᠬᠡᠯᠪᠡᠷᠢ ᠪᠣᠯᠤᠨ ᠠᠭᠤᠯᠭ᠎ᠠ ᠶᠢᠨ ᠰᠢᠨ᠎ᠡ ᠶᠢ ᠡᠭᠦᠳᠴᠦ᠂ ᠲᠤᠭᠤᠷᠢᠮ ᠤᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠰᠣᠳᠣᠨ | ᠵᠢᠭᠠᠨ ᠰᠤᠷᠭᠠᠯᠲᠠ ᠶᠢᠨ ᠵᠠᠮ ᠱᠤᠭᠤᠮ ᠢ ᠨᠠᠷᠢᠨ ᠨᠢᠮᠪᠠᠶ ᠴᠣᠭᠴᠠᠯᠠᠵᠤ᠂ ᠪᠥᠬᠦ ᠰᠤᠷᠤᠯᠭ᠎ᠠ ᠶᠢᠨ ᠱᠠᠲᠤ᠂ ᠪᠥᠬᠦ ᠬᠦᠷᠢᠶᠡᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠢᠰᠲ᠋ᠧᠮ ᠢ ᠪᠠᠲᠤ ᠴᠣᠭᠴᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠣᠲᠤᠭ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠲᠣᠭᠤᠷᠢᠮ ᠰᠤᠷᠭᠠᠭᠤᠯᠢ ᠶᠢᠨ ᠲᠣᠭᠤᠷᠢᠭ︶ ᠶᠢᠨ ᠮᠡᠳᠡᠭᠦᠯᠦᠯᠲᠡ ᠶᠢᠨ ᠲᠢᠩᠬᠢᠮ | ᠳᠤ ᠵᠥᠩ ᠶᠢᠩ ᠮᠧᠶ ᠪᠠᠭᠰᠢ ᠶᠠᠭ ᠰᠤᠷᠤᠭᠴᠢᠳ ᠲᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠰ ᠮᠡᠲᠦ ᠲᠣᠲᠣᠨᠣᠰᠤᠭ ᠪᠠᠶᠢᠯᠴᠠᠵᠤ | ᠳᠤᠮᠳᠠᠳᠤ ᠶᠢᠨ ᠬᠦᠰᠡᠯ ᠢ ᠬᠠᠮᠲᠤ ᠪᠠᠷ ᠪᠡᠶᠡᠯᠡᠭᠦᠯᠦᠶ᠎ᠡ︾ ᠭᠡᠬᠦ ᠭᠤᠣᠯ ᠰᠡᠳᠦᠪᠲᠦ ᠭᠢᠴᠢᠶᠡᠯᠯᠡᠭᠡ ᠭᠢᠵᠤ᠂ ᠳᠡᠯᠭᠡᠴᠡᠨ ᠳᠡᠭᠡᠷ᠎ᠡ᠂ ᠨᠠᠨᠵᠢᠩ ᠤᠨ ᠰᠡᠬᠡᠭᠡᠲᠡᠨ ᠸᠠᠩ | ᠴᠢᠶᠠᠩ ᠤᠳᠤᠭ ᠬᠤᠰᠢᠭᠤᠨ ᠤ ᠬᠥᠳᠡᠭᠡ ᠲᠤᠰᠬᠤᠨ ᠳᠤ ᠢᠷᠡᠵᠦ᠂ ᠥᠪᠡᠷ ᠤᠨ ᠨᠢᠭᠡ ᠨᠠᠰᠤ ᠪᠠᠷ ᠢᠶᠠᠨ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ | ᠪᠢᠴᠢᠭᠯᠡᠭᠰᠡᠨ ᠸᠢᠳᠢᠣ᠋ ᠶᠢ ᠲᠠᠯᠪᠢᠵᠤ ᠪᠠᠶᠢᠯ᠎ᠠ᠃ | ᠤᠲᠤᠭ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠤᠨ ᠲᠠᠶᠢᠯᠪᠦᠷᠢᠯᠠᠬᠤ | ᠪᠦᠯᠬᠦᠮ ᠤᠨ ᠭᠤᠣᠯᠯᠠᠭᠴᠢ ᠪᠦᠷᠢᠯᠳᠦᠬᠦᠨ ᠪᠣᠯᠤᠭᠰᠠᠨ ᠤ ᠬᠤᠪᠢ ᠳᠤ᠂ ᠵᠦᠩ ᠶᠢᠩ ᠮᠧᠢ ᠦᠨᠳᠦᠰᠦᠲᠡᠨ ᠤ ᠪᠦᠯᠬᠦᠮᠳᠡᠯ ᠤᠨ ᠲᠤᠬᠠᠢ ᠭᠦᠨᠵᠡᠭᠡᠢ ᠣᠶᠢᠯᠠᠭᠠᠯᠲᠠ | ᠲᠠᠢ ᠶᠤᠮ᠃ ᠵᠦᠩ ᠶᠢᠩ ᠮᠧᠢ ᠤᠲᠤᠭ ᠬᠤᠰᠢᠭᠤᠨ ᠤ ᠰᠦᠮᠡᠲᠦ ᠰᠣᠮᠣᠨ ᠤ ᠬᠢᠲᠠᠳ ᠦᠨᠳᠦᠰᠦᠲᠡᠨ ᠤ ᠭᠡᠷ ᠪᠦᠯᠢ ᠳᠤ ᠲᠦᠷᠦᠵᠦ᠂ ᠬᠠᠷᠠᠬᠠᠨ ᠪᠠᠭ᠎ᠠ ᠠᠴᠠ ᠪᠠᠨ | ᠮᠣᠩᠭᠤᠯ ᠦᠨᠳᠦᠰᠦᠲᠡᠨ ᠤ ᠨᠠᠶᠢᠵᠠ ᠨᠠᠷ ᠲᠠᠢ ᠬᠠᠮᠲᠤ ᠦᠰᠤᠨ ᠪᠣᠶᠢᠵᠢᠬᠤ ᠬᠤᠭᠤᠴᠠᠭᠠᠨ ᠳᠠᠭᠠᠨ ᠮᠣᠩᠭᠤᠯ ᠬᠡᠯᠡ ᠶᠢ ᠪᠣᠯᠪᠠᠰᠤᠷᠠᠩᠭᠤᠢ ᠡᠵᠡᠮᠰᠢᠭᠰᠡᠨ ᠶᠤᠮ᠃ | ᠵᠥᠩ ᠶᠢᠩ ᠮᠧᠶ ᠶᠢᠨ ᠭᠡᠷ ᠤᠨ ᠬᠥᠮᠦᠰ ᠨᠢ ᠴᠦ ᠪᠦᠷ ᠠᠶᠢᠯ ᠠᠶᠢᠮᠠᠭ ᠲᠠᠢ ᠪᠠᠨ ᠮᠣᠩᠭᠤᠯ ᠬᠡᠯᠡ ᠪᠠᠷ ᠶᠠᠷᠢᠯᠴᠠᠵᠤ ᠶᠠᠪᠤᠯᠴᠠᠳᠠᠭ ᠪᠠᠶᠢᠵᠠᠢ᠃ 2023 ᠣᠨ ᠳᠤ᠂ | ᠵᠥᠩ ᠶᠢᠩ ᠮᠧᠶ ᠶᠢᠨ ᠬᠡᠷ ᠪᠦᠯᠢ ᠨᠢ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ︽ᠠᠨᠠᠷ ᠤᠨ ᠦᠷ᠎ᠡ ᠶᠢᠨ ᠬᠡᠷ ᠪᠦᠯᠢ︾ ᠶᠢᠨ | ᠢᠷᠠᠭᠤ ᠠᠯᠳᠠᠷ ᠢ ᠭᠥᠷᠳᠡᠪᠡ᠂ ᠡᠨᠡ ᠪᠣᠯ ᠲᠡᠳᠡᠨ ᠤ ᠣᠯᠠᠨ ᠵᠢᠯ ᠤᠨ ᠲᠤᠷᠰᠢ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠢ ᠳᠡᠭᠡᠳᠦ ᠬᠡᠮᠵᠢᠶ᠎ᠡ ᠪᠠᠷ | ᠨᠤᠲᠠᠯᠠᠭᠰᠠᠨ ᠶᠠᠪᠤᠳᠠᠯ ᠪᠣᠯᠤᠨ᠎ᠠ᠃ | ᠣᠲᠤᠭ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠣᠹᠧᠰᠰᠣᠷ ᠵᠥᠩ ᠶᠢᠩ ᠮᠧᠶ᠄ ᠨᠢᠭᠡᠨ ᠨᠠᠮ ᠤᠨ ᠰᠤᠷᠭᠠᠭᠤᠯᠢ ᠶᠢᠨ | ᠪᠠᠭᠰᠢ ᠪᠣᠯᠤᠭᠰᠠᠨ ᠤ ᠬᠤᠪᠢ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠤᠨ ᠲᠠᠶᠢᠯᠪᠦᠷᠢᠯᠠᠬᠤ | ᠶᠠᠪᠤᠴᠠ ᠳᠤᠮᠳᠠ᠂ ᠨᠠᠮ ᠤᠨ ᠣᠨᠣᠯ ᠢ ᠮᠠᠨ ᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠳᠠᠭᠤᠷᠢᠶᠠᠯ ᠲᠠᠢ ᠤᠶᠠᠯᠳᠤᠭᠤᠯᠪᠠᠯ ᠨᠡᠩ ᠢᠯᠡᠭᠦᠦ | ᠨᠥᠯᠥᠭᠡᠯᠡᠬᠦ ᠬᠦᠴᠦᠨ ᠲᠠᠢ ᠪᠣᠯᠤᠨ᠎ᠠ ᠭᠡᠳᠡᠭ ᠢ ᠪᠢ ᠭᠦᠨᠵᠡᠭᠡᠢ ᠣᠶᠢᠯᠠᠭᠠᠪᠠ᠃ ᠵᠢᠱᠢᠶᠡᠯᠡᠪᠡᠯ ᠨᠢᠳᠤᠨᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠵᠢᠱᠢᠶᠡᠴᠢ ᠬᠤᠪᠢ ᠬᠥᠮᠦᠨ ᠤ ᠢᠷᠡᠭᠤ ᠠᠯᠳᠠᠷ ᠢ ᠬᠦᠷᠲᠡᠭᠰᠡᠨ ᠸᠠᠩ ᠴᠢᠶᠠᠩ ᠨᠠᠰᠤᠲᠠᠨ ᠪᠣᠯ | ᠨᠠᠨᠵᠢᠩ ᠤᠨ ᠰᠡᠬᠡᠭᠡᠲᠡᠨ ᠶᠤᠮ᠂ 1968 ᠣᠨ ᠳᠤ ᠮᠠᠨ ᠤ ᠣᠲᠤᠭ ᠬᠤᠰᠢᠭᠤᠨ ᠳᠤ ᠢᠷᠡᠭᠰᠡᠨ ᠤ ᠳᠠᠷᠠᠭ᠎ᠠ ᠭᠡᠷ ᠪᠦᠯᠢ ᠪᠠᠶᠢᠭᠤᠯᠵᠤ᠂ ᠨᠢᠭᠡ ᠨᠠᠰᠤ ᠪᠠᠨ ᠮᠠᠨ ᠤ | ᠣᠲᠤᠭ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠦᠢᠯᠡᠰ ᠲᠤ ᠵᠣᠷᠢᠭᠤᠯᠤᠭᠰᠠᠨ ᠪᠠᠶᠢᠨ᠎ᠠ᠃ ᠡᠶᠢᠮᠦ ᠠᠴᠠ ᠬᠤᠵᠢᠮ ᠤᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠤᠬᠠᠭᠤᠯᠤᠨ ᠲᠠᠶᠢᠯᠪᠦᠷᠢᠯᠠᠬᠤ ᠠᠵᠢᠯ ᠢ ᠬᠢᠬᠦ ᠳᠤᠮᠳᠠ ᠮᠠᠨ ᠤ ᠳᠡᠷᠭᠡᠳᠡᠬᠢ ᠦᠯᠢᠭᠡᠷ | ᠳᠠᠭᠤᠷᠢᠶᠠᠯ ᠤᠨ ᠦᠢᠯᠡ ᠠᠵᠢᠯᠯᠠᠭ᠎ᠠ ᠪᠠᠷ ᠮᠠᠨ ᠤ ᠤᠨᠤᠯ ᠢᠶᠠᠨ ᠨᠡᠩ ᠲᠦᠬᠦᠮ ᠣᠶᠢᠯᠠᠭᠠᠮᠵᠢᠲᠠᠢ ᠪᠣᠯᠭᠠᠵᠤ᠂ ᠥᠷᠭᠡᠨ ᠤᠯᠠᠨ ᠨᠠᠮ ᠤᠨ ᠬᠡᠰᠢᠭᠦᠨ᠂ ᠤᠯᠠᠨ | ᠲᠦᠮᠡᠨ ᠤ ᠬᠦᠷᠢᠶᠡᠯᠡᠯ ᠢ ᠣᠯᠵᠤ ᠳᠡᠶᠢᠯᠦᠨ᠎ᠡ ᠭᠡᠵᠦ ᠪᠣᠳᠤᠵᠤ ᠪᠠᠶᠢᠨ᠎ᠠ᠃ | ᠵᠦᠩ ᠶᠢᠩ ᠮᠧᠢ ᠠᠳᠠᠯᠢ ᠪᠤᠰᠤ ᠬᠦᠯᠢᠶᠡᠨ ᠠᠪᠤᠭᠴᠢᠳ ᠲᠤ ᠠᠳᠠᠯᠢ ᠪᠤᠰᠤ ᠦᠭᠡ ᠬᠡᠯᠡ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ︾ ᠤᠶᠢᠢᠯᠠᠭᠠᠭᠳᠠᠬᠤᠨ ᠢ ᠳᠠᠮᠵᠢᠭᠤᠯᠳᠠᠭ᠃ ᠰᠦᠮᠡᠳᠦ ᠰᠤᠮᠤᠨ ᠤ ᠱᠦᠭᠦᠷᠬᠡᠢ ᠭᠠᠴᠠᠭᠠᠨ ᠤ ᠰᠣᠶᠣᠯ ᠤᠷᠠᠯᠢᠭ ᠤᠨ | ᠲᠥᠪ ᠲᠤ᠂ ᠵᠦᠩ ᠶᠢᠩ ᠮᠧᠢ ᠶᠠᠭ ᠮᠣᠩᠭᠤᠯ ᠬᠡᠯᠡ ᠪᠠᠷ ᠮᠠᠯᠴᠢᠨ ᠲᠠᠷᠢᠶᠠᠴᠢᠨ ᠳᠤ ᠬᠢᠴᠢᠶᠡᠯᠯᠡᠵᠦ ᠪᠠᠶᠢᠯ᠎ᠠ᠃ ᠵᠦᠩ ᠶᠢᠩ ᠮᠧᠢ ᠳᠡᠭᠡᠷ᠎ᠡ ᠵᠠᠭᠤᠨ ᠤ ᠵᠢᠷᠠᠭᠠᠳ | ᠣᠨ ᠤ ᠰᠡᠭᠦᠯᠴᠢ ᠪᠠᠷ᠂ ᠨᠠᠨᠵᠢᠩ ᠤᠨ ᠰᠡᠬᠡᠭᠡᠲᠡᠨ ᠸᠠᠩ ᠴᠢᠶᠠᠩ ᠠᠷᠪᠠᠰ ᠰᠤᠮᠤᠨ ᠳᠤ ᠢᠷᠡᠵᠦ ᠨᠢᠭᠡ ᠨᠠᠰᠤ ᠪᠠᠷ ᠢᠶᠠᠨ ᠬᠥᠳᠡᠭᠡ ᠲᠤᠰᠬᠤᠨ ᠳᠤ ᠰᠠᠭᠤᠵᠤ | ᠦᠨᠳᠦᠰᠦᠲᠡᠨ ᠤ ᠪᠥᠯᠬᠦᠮᠳᠡᠯ ᠢ ᠠᠬᠢᠭᠤᠯᠵᠤ᠂ ᠳᠣᠪᠣᠶᠢᠮ᠎ᠠ ᠬᠤᠪᠢ ᠨᠡᠮᠡᠷᠢ ᠪᠠᠷ ᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ | ᠱᠠᠩᠨᠠᠯ ᠢ ᠭᠥᠷᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠵᠢᠨᠤᠬᠠᠮᠰᠠᠷ ᠢ ᠪᠠᠲᠤᠳᠬᠠᠬᠤ ᠠᠵᠢᠯ ᠢ | ᠰᠠᠶᠢᠲᠤᠷ ᠬᠢᠭᠰᠡᠨ ᠦᠯᠢᠭᠡᠷ ᠢᠶᠠᠷ ᠰᠡᠳᠦᠪᠯᠡᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ | ᠳᠤᠮᠳᠠᠬᠢ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ ᠴᠠᠭ ᠮᠥᠴᠡ ᠶᠢ ᠤᠯᠠᠨ ᠲᠦᠮᠡᠨ ᠳᠤ ᠳᠣᠲᠣᠨᠣᠰᠤᠭ ᠶᠠᠷᠢᠵᠦ ᠪᠠᠶᠢᠯ᠎ᠠ᠃ | ᠱᠦᠭᠦᠷᠭᠡᠢ ᠭᠠᠴᠠᠭᠠᠨ ᠤ ᠮᠠᠯᠴᠢᠨ ᠨᠠᠷᠠᠨᠮᠠᠨᠳᠤᠯ᠎ᠠ᠄ ᠥᠨᠥᠳᠦᠷ ᠨᠠᠮ ᠤᠨ ᠰᠤᠷᠭᠠᠭᠤᠯᠢ ᠶᠢᠨ ᠵᠦᠩ ᠪᠠᠭᠰᠢ ᠶᠢᠨ《ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ 》ᠲᠤᠬᠠᠢ ᠬᠢᠴᠢᠶᠡᠯ ᠢ ᠰᠣᠨᠣᠰᠤᠭᠠᠳ ᠮᠠᠰᠢ ᠶᠡᠭᠡ ᠤᠯᠤᠯᠳᠠ ᠲᠠᠢ ᠪᠠᠶᠢᠨ᠎ᠠ᠃ ᠬᠤᠶᠢᠰᠢᠳᠠ ᠪᠢ ᠪᠠᠰᠠ | ᠡᠯ᠎ᠡ ᠦᠨᠳᠦᠰᠦᠲᠡᠨ ᠤ ᠬᠥᠮᠦᠰ ᠲᠠᠢ ᠤᠯᠠᠮ ᠣᠶᠢᠷᠠᠲᠤᠵᠤ᠂ ᠬᠠᠮᠲᠤ ᠶᠢᠨ ᠭᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠨ᠎ᠠ᠃ | | ᠰᠤᠷᠪᠤᠯᠵᠢᠯᠠᠭᠴᠢ᠄ ᠦᠢᠯᠡᠰ ᠠᠯᠲᠠᠨᠰᠦ᠋ᠬᠡ | |