ᠬᠤᠰᠢᠭᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠨᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/4/18
      ᠲᠦᠮᠡᠨ ᠪᠣᠳᠠᠰ ᠠᠮᠢᠯᠠᠨ ᠰᠡᠷᠭᠦᠭᠰᠡᠨ ᠲᠥᠯᠵᠢᠬᠦ ᠬᠠᠪᠤᠷ ᠬᠦᠷᠴᠦ ᠢᠷᠡᠯ᠎ᠡ᠃ 4 ᠳ᠋ᠦ᠋ᠭᠡᠷ ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠣ ᠬᠤᠸᠠᠢ ᠵᠢᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠷᠦᠢ ᠮᠢᠨ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠠᠷᠠᠨᠲᠤᠶᠠᠭ᠎ᠠ ᠵᠡᠷᠭᠡ ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠤᠯᠠᠭᠠᠨᠪᠠᠯᠭᠠᠰᠤᠨ ᠤ ᠳᠡᠷᠡᠰᠦ ᠭᠠᠴᠠᠭ᠎ᠠ ᠶᠢᠨ ᠠᠯᠪᠠᠨ ᠵᠢᠷᠤᠮ ᠤᠨ ᠮᠣᠳᠣ ᠲᠠᠷᠢᠬᠤ ᠭᠠᠵᠠᠷ ᠲᠤ ᠬᠦᠷᠴᠦ᠂ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠨ᠂ ᠪᠣᠳᠠᠲᠤ ᠠᠵᠢᠯᠯᠠᠭ᠎ᠠ ᠪᠠᠷ ᠢᠶᠠᠨ ᠪᠦᠭᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠺᠠᠳ᠋ᠷ ᠤᠯᠠᠨ ᠲᠦᠮᠡᠨ ᠢ ᠳᠠᠭᠠᠭᠤᠯᠤᠨ ᠬᠠᠮᠲᠤᠪᠠᠷ ᠭᠡᠷ ᠣᠷᠣᠨ ᠢᠶᠠᠨ ᠣᠶᠢᠵᠢᠭᠤᠯᠬᠤ ᠠᠵᠢᠯᠯᠠᠭ᠎ᠠ ᠳᠤ ᠣᠷᠣᠯᠴᠠᠭᠤᠯᠪᠠ᠃
01.jpg
      ᠮᠣᠳᠣ ᠲᠠᠷᠢᠬᠤ ᠭᠠᠵᠠᠷ ᠨᠢ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠠᠮᠠᠰᠠᠷ ᠤᠨ ᠬᠠᠯᠬᠠᠪᠴᠢ ᠪᠦᠰᠡ ᠶᠢᠨ ᠬᠤᠶᠢᠲᠤ ᠬᠡᠰᠡᠭ ᠤᠨ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠨᠢᠭᠡᠳᠦᠭᠡᠷ ᠬᠤᠭᠤᠴᠠᠭ᠎ᠠ︶ ᠳᠤ ᠪᠠᠶᠢᠷᠢᠯᠠᠵᠤ ᠪᠤᠢ᠃ ᠬᠤᠰᠢᠭᠤ ᠤᠳᠤᠷᠢᠳᠤᠯᠭ᠎ᠠ ᠨᠠᠷ ᠮᠣᠳᠣ ᠳᠠᠷᠢᠬᠤ ᠲᠤᠬᠠᠢ ᠶᠢᠨ ᠲᠠᠯᠠᠪᠠᠶ ᠳᠤ ᠬᠦᠷᠦᠮᠡᠭᠴᠡ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠳᠠᠷᠤᠶᠢᠬᠠᠨ ᠬᠥᠳᠡᠯᠦᠯᠴᠡᠵᠦ᠂ ᠣᠯᠠᠨ ᠢᠶᠠᠷ ᠢᠶᠠᠨ ᠨᠦᠬᠡ ᠮᠠᠯᠲᠠᠵᠤ᠂ ᠵᠤᠯᠵᠠᠭᠠᠨ ᠮᠣᠳᠣ ᠲᠠᠷᠢᠨ᠂ ᠶᠠᠭᠠᠷᠠᠯᠲᠠᠢ ᠠᠵᠢᠯᠯᠠᠵᠤ ᠪᠠᠶᠢᠯ᠎ᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠰᠢᠨ᠎ᠡ ᠵᠠᠶᠢᠯᠠᠭᠰᠠᠨ ᠤᠯᠢᠶᠠᠰᠤ ᠰᠠᠯᠬᠢᠨ ᠤ ᠠᠶ᠎ᠠ ᠪᠠᠷ ᠨᠠᠶᠢᠭᠤᠯᠵᠠᠨ᠂ ᠤᠳᠤᠭ ᠤᠨ ᠡᠬᠡ ᠭᠠᠵᠠᠷ ᠲᠤ ᠰᠢᠨ᠎ᠡ ᠨᠣᠭᠤᠭᠠᠨ ᠥᠩᠭᠡ ᠨᠡᠮᠡᠷᠢᠯᠡᠪᠡ᠃ ᠮᠣᠳᠣ ᠳᠠᠷᠢᠬᠤ ᠵᠠᠪᠰᠠᠷ ᠲᠤ᠂ ᠭᠤᠸ ᠬᠤᠸᠠᠢ ᠵᠢᠩ ᠪᠠᠶᠢᠨ ᠪᠠᠶᠢᠨ ᠣᠯᠠᠨ ᠲᠠᠢ ᠰᠠᠨᠠᠯ ᠢᠶᠠᠨ ᠰᠣᠯᠢᠯᠴᠠᠵᠤ᠂ ᠪᠥᠬᠦ ᠬᠤᠰᠢᠭᠤᠨ ᠤ ᠮᠣᠳᠣ ᠳᠠᠷᠢᠵᠤ ᠣᠶᠢᠵᠢᠭᠤᠯᠬᠤ ᠵᠢᠴᠢ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠠᠬᠢᠴᠠ ᠵᠡᠷᠭᠡ ᠪᠠᠶᠢᠳᠠᠯ ᠢ ᠣᠶᠢᠯᠠᠭᠠᠨ᠎ᠠ᠃ ᠲᠡᠷᠡ ᠬᠡᠯᠡᠬᠦ ᠳᠡᠭᠡᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠬᠠᠪᠤᠷ ᠤᠨ ᠠᠰᠢᠭᠲᠠᠢ ᠲᠣᠬᠢᠶᠠᠯ ᠢ ᠵᠠᠪᠳᠤᠨ᠂ ᠺᠠᠳ᠋ᠷ ᠠᠵᠢᠯᠲᠠᠨ ᠢ ᠢᠳᠡᠪᠬᠢᠲᠡᠢ ᠵᠣᠬᠢᠶᠠᠨ ᠪᠠᠶᠢᠭᠤᠯᠵᠤ᠂ ᠣᠯᠠᠨ ᠲᠦᠮᠡᠨ ᠢ ᠳᠠᠶᠢᠴᠢᠯᠠᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠪᠥᠬᠦ ᠠᠷᠠᠳ ᠢᠶᠠᠷ ᠢᠶᠠᠨ ᠮᠣᠳᠣ ᠳᠠᠷᠢᠬᠤ ᠬᠠᠯᠠᠭᠤᠨ ᠥᠷᠨᠢᠯᠲᠡ ᠶᠢ ᠪᠣᠶ ᠪᠣᠯᠭᠠᠬᠤ ᠬᠡᠷᠡᠭᠲᠡᠢ᠃ ᠮᠣᠳᠣ ᠲᠠᠷᠢᠵᠤ ᠣᠶᠢᠵᠢᠭᠤᠯᠬᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠲᠤᠰ ᠭᠠᠵᠠᠷ ᠲᠤ ᠤᠷᠭᠤᠬᠤ ᠳᠤ ᠲᠣᠬᠢᠷᠠᠬᠤ ᠮᠣᠳᠣᠨ ᠤ ᠲᠦᠷᠦᠯ ᠢ ᠰᠣᠩᠭᠤᠨ᠂ ᠠᠷᠠᠴᠢᠯᠠᠨ ᠬᠠᠮᠠᠭᠠᠯᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠨᠢᠭᠡ ᠶᠢ ᠲᠠᠷᠢᠪᠠᠯ ᠨᠢᠭᠡ ᠶᠢ ᠤᠷᠭᠤᠭᠤᠯᠤᠨ᠂ ᠨᠢᠭᠡ ᠬᠡᠰᠡᠭ ᠲᠠᠷᠢᠪᠠᠯ ᠨᠢᠭᠡ ᠬᠡᠰᠡᠭ ᠤᠢ ᠰᠢᠭᠤᠢ ᠶᠢ ᠪᠣᠢ ᠪᠣᠯᠭᠠᠬᠤ ᠬᠡᠷᠡᠭᠲᠡᠢ᠃ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠣᠶᠢᠵᠢᠭᠤᠯᠬᠤ ᠴᠢᠨᠡᠭᠡᠯᠢᠭᠵᠢᠬᠦᠯᠬᠦ ᠶᠢ ᠬᠠᠮᠲᠤᠪᠠᠷ ᠬᠥᠭᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠦᠨ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
02.jpg
      ᠣᠶᠢᠯᠠᠭᠠᠭᠰᠠᠨ ᠢᠶᠠᠷ᠂ ᠡᠨᠡ ᠵᠢᠯ ᠪᠥᠬᠦ ᠬᠤᠰᠢᠭᠤ ᠪᠠᠷ ᠢᠶᠠᠨ 80 ᠲᠦᠮᠡᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ