ᠵᠡᠮᠳᠡᠭᠴᠦᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠤ ᠭᠠᠷ ᠬᠥᠳᠡᠯᠬᠦ ᠴᠢᠳᠠᠪᠤᠷᠢ ᠶᠢ ᠳᠡᠭᠡᠭᠰᠢᠯᠡᠭᠦᠯᠦᠨ᠂ | ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ᠲᠣᠰᠣᠲᠤ ᠨᠡᠶᠢᠭᠡᠮ ᠲᠣᠭᠤᠷᠢᠭ ᠤᠨ ᠬᠢᠨ ︽ᠠᠵᠢᠯ ᠨᠢᠭᠡᠲᠡᠨ ᠢᠶᠠᠨ | ᠬᠠᠶᠢᠷᠠᠯᠠᠵᠤ᠂ ᠠᠪᠢᠶᠠᠰ ᠴᠢᠳᠠᠪᠤᠷᠢ ᠪᠠᠨ ᠬᠠᠮᠲᠤᠪᠠᠷ ᠪᠠᠳᠠᠷᠠᠭᠤᠯᠬᠤ︾ ᠵᠡᠮᠳᠡᠭᠴᠦᠳ ᠤᠨ ᠭᠠᠷ ᠤᠷᠠᠯᠠᠯ ᠤᠨ ᠠᠵᠢᠯᠯᠠᠭ᠎ᠠ ᠶᠢ ᠨᠢᠮᠪᠠᠢ ᠲᠥᠰᠥᠪᠯᠡᠵᠦ ᠥᠷᠨᠢᠭᠦᠯᠪᠡ᠃ | ᠡᠨᠡ ᠨᠢ ᠭᠠᠷ ᠤᠷᠠᠯᠠᠯ ᠤᠨ ᠦᠢᠯᠡᠳᠬᠡᠯ ᠪᠣᠯᠬᠤ ᠪᠠᠷ ᠪᠠᠷᠠᠬᠤ ᠦᠭᠡᠢ᠂ ᠨᠡᠩ ᠴᠤ ᠥᠪᠡᠷ ᠢ ᠪᠠᠨ ᠢᠯᠡᠷᠡᠭᠦᠯᠬᠦ᠂ ᠥᠪᠡᠷ ᠢ ᠪᠠᠨ ᠳᠠᠪᠠᠭ᠋ᠤ ᠲᠠᠪᠴᠠᠩ ᠪᠣᠯᠬᠤ ᠶᠤᠮ᠃ | ᠪᠦᠲᠦᠭᠡᠯ ᠪᠣᠯᠭᠠᠨ ᠳᠤ ᠲᠡᠳᠡᠨ ᠤ ᠠᠮᠢᠳᠤᠷᠠᠯ ᠳᠤ ᠬᠠᠨᠳᠤᠬᠤ ᠬᠠᠶᠢᠷ᠎ᠠ ᠬᠢᠭᠡᠳ ᠪᠠᠷᠢᠮᠲᠠᠯᠠᠯ ᠰᠢᠩᠭᠡᠵᠦ ᠪᠣᠢ᠃ | ᠨᠢᠭᠡᠳᠦᠭᠡᠷ ᠬᠤᠭᠤᠴᠠᠭ᠎ᠠ᠄ ᠲᠡᠪᠡᠭ ᠣᠶᠣᠵᠤ᠂ ᠪᠠᠭ᠎ᠠ ᠶᠢᠨ ᠪᠠᠶᠠᠷᠲᠤ ᠮᠥᠴᠡ ᠪᠠᠨ ᠡᠷᠭᠢᠴᠡᠭᠦᠯᠪᠡ | ᠨᠢᠭᠡᠳᠦᠭᠡᠷ ᠬᠤᠭᠤᠴᠠᠭᠠᠨ ᠤ ᠠᠵᠢᠯᠯᠠᠭ᠎ᠠ ᠳᠤ ︽ᠲᠡᠪᠡᠭ ᠣᠶᠣᠬᠤ︾ ᠪᠠᠷ ᠭᠤᠣᠯ ᠰᠡᠳᠦᠪ ᠪᠣᠯᠭᠠᠵᠤ᠂ ᠣᠷᠣᠯᠴᠠᠭᠰᠠᠳ ᠲᠤ ᠪᠠᠭ᠎ᠠ ᠨᠠᠰᠤᠨ ᠤ ᠪᠠᠶᠠᠷᠲᠤ | ᠮᠥᠴᠡ ᠶᠢ ᠨᠢ ᠡᠷᠭᠢᠴᠡᠭᠦᠯᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠡᠯᠳᠡᠪ ᠥᠩᠭᠡ ᠶᠢᠨ ᠪᠥᠰ᠂ ᠵᠥᠭᠡᠯᠡᠨ ᠰᠢᠷᠤᠢ ᠵᠢᠴᠢ ᠡᠯ᠎ᠡ ᠵᠦᠢᠯ ᠤᠨ ᠪᠠᠭᠠᠵᠢ | ᠬᠡᠷᠡᠭᠰᠡᠯ ᠢ ᠲᠡᠷᠢ ᠲᠡᠭᠰᠢ ᠪᠠᠶᠢᠷᠢᠯᠠᠭᠤᠯᠵᠠᠢ᠃ ᠪᠥᠰ ᠤᠷᠠᠯᠢᠭ ᠤᠨ ᠪᠠᠭᠰᠢ ᠪᠣᠯᠣᠨ ᠰᠠᠶᠢᠨ ᠳᠤᠷᠠᠴᠤᠳ ᠤᠨ ᠬᠠᠯᠠᠰᠢᠷᠠᠯ ᠦᠭᠡᠢ ᠵᠢᠯᠣᠭᠤᠳᠤᠯᠭ᠎ᠠ ᠳᠣᠣᠷ᠎ᠠ᠂ | ᠤᠯᠠᠨ ᠢᠶᠠᠷ ᠢᠶᠠᠨ ᠡᠰᠬᠡᠬᠦ᠂ ᠣᠶᠣᠬᠤ᠂ ᠰᠢᠷᠤᠢ ᠰᠠᠪᠠᠯᠠᠬᠤ ᠶᠢ ᠰᠤᠷᠤᠯᠴᠠᠪᠠ᠃ ᠬᠡᠳᠦᠶᠢᠪᠡᠷ ᠵᠠᠷᠢᠮ ᠵᠡᠮᠳᠡᠭ ᠨᠠᠶᠢᠵᠠ ᠨᠠᠷ ᠤᠨ ᠭᠠᠷ ᠨᠢ ᠲᠡᠶᠢᠮᠦ ᠤᠷᠠᠨ ᠪᠢᠰᠢ ᠴᠤ | ᠰᠡᠳᠬᠢᠯ ᠲᠠᠯᠪᠢᠨ ᠰᠣᠨᠣᠰᠴᠤ ᠪᠠᠶᠢᠯ᠎ᠠ︔ ᠵᠠᠷᠢᠮ ᠨᠢ ᠱᠤᠭᠤᠮ ᠢᠶᠠᠷ ᠲᠡᠭᠰᠢᠬᠡᠨ ᠰᠠᠶᠢᠬᠠᠨ ᠵᠢᠷᠤᠵᠤ᠂ ᠵᠠᠷᠢᠮ ᠨᠢ ᠮᠣᠷᠣᠢ ᠣᠶᠣᠭᠰᠠᠨ ᠢᠶᠠᠨ ᠴᠤᠴᠠᠯᠵᠤ ᠳᠠᠬᠢᠨ | ᠣᠶᠣᠵᠤ ᠪᠠᠶᠢᠯ᠎ᠠ᠃ ᠥᠩᠭᠡ ᠢᠯᠭᠠᠷᠠᠭᠰᠠᠨ ᠲᠡᠪᠡᠭ ᠢᠶᠠᠨ ᠣᠶᠣᠵᠤ ᠪᠠᠷᠠᠪᠠᠯ᠂ ᠬᠦᠮᠦᠨ ᠪᠦᠬᠦᠨ ᠤ ᠴᠢᠷᠠᠢ ᠳᠤ ᠠᠮᠵᠢᠯᠲᠠ ᠶᠢᠨ ᠮᠦᠰᠢᠶᠡᠯ ᠲᠣᠳᠣᠷᠠᠵᠤ᠂ ᠠᠬᠤᠢ | ᠲᠠᠯᠠᠪᠠᠢ ᠬᠠᠶᠢᠷ᠎ᠠ ᠵᠢᠷᠭᠠᠯ ᠢᠶᠠᠷ ᠪᠢᠯᠬᠠᠨ᠎ᠠ᠃ | ᠬᠤᠶᠠᠳᠤᠭᠠᠷ ᠬᠤᠭᠤᠴᠠᠭ᠎ᠠ᠄ ᠬᠠᠨᠴᠤᠢ ᠶᠢᠨ ᠳᠤᠭᠲᠤᠢ ᠣᠶᠣᠵᠤ᠂ ᠤᠷᠠᠨ ᠭᠠᠷ ᠢᠶᠠᠷ ᠵᠢᠷᠭᠠᠯᠲᠤ ᠠᠮᠢᠳᠤᠷᠠᠯ ᠢᠶᠠᠨ ᠴᠣᠭᠴᠠᠯᠠᠪᠠ | ᠬᠤᠶᠠᠳᠤᠭᠠᠷ ᠬᠤᠭᠤᠴᠠᠭᠠᠨ ᠤ ᠠᠵᠢᠯᠯᠠᠭ᠎ᠠ ᠨᠢ ︽ᠬᠠᠨᠴᠤᠢ ᠶᠢᠨ ᠳᠤᠭᠲᠤᠢ ᠣᠶᠣᠬᠤ︾ ᠳᠤ ᠲᠥᠪᠯᠡᠷᠡᠭᠦᠯᠵᠦ᠂ ᠰᠠᠶᠢᠨ ᠳᠤᠷᠠᠴᠤᠳ ᠡᠯ᠎ᠡ ᠵᠦᠢᠯ ᠤᠨ | ᠬᠥᠪᠥᠩ ᠪᠥᠰ ᠪᠣᠯᠣᠨ ᠵᠠᠰᠠᠯ ᠴᠢᠮᠡᠭᠯᠡᠯ ᠤᠨ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠵᠡᠢ᠃ ᠣᠶᠣᠵᠤ ᠭᠠᠷᠭᠠᠭᠰᠠᠨ ᠬᠠᠨᠴᠤᠢ ᠶᠢᠨ ᠳᠤᠭᠲᠤᠢ ᠶᠢ ᠣᠯᠠᠨ ᠳᠤ | ᠦᠵᠡᠭᠦᠯᠦᠭᠰᠡᠨ ᠤ ᠳᠠᠷᠠᠭ᠎ᠠ᠂ ᠪᠠᠭᠰᠢ ᠬᠡᠮᠵᠢᠬᠦ᠂ ᠡᠰᠬᠡᠬᠦ᠂ ᠰᠤᠨᠳᠠᠭ ᠪᠦᠰᠡ ᠣᠶᠣᠬᠤ ᠵᠡᠷᠭᠡ ᠠᠯᠬᠤᠮ ᠳᠠᠷᠠᠭ᠎ᠠ ᠶᠢ ᠨᠠᠷᠢᠨ ᠲᠠᠶᠢᠯᠪᠤᠷᠢᠯᠠᠨ᠂ ᠤᠯᠠᠨ ᠤ ᠪᠦᠲᠦᠭᠡᠯᠴᠢ | ᠰᠡᠳᠬᠢᠬᠦᠢ ᠪᠠᠨ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ ᠬᠠᠨᠴᠤᠢ ᠶᠢᠨ ᠳᠤᠭᠲᠤᠢ ᠣᠶᠣᠬᠤ ᠶᠢ ᠵᠣᠷᠢᠭᠵᠢᠭᠤᠯᠪᠠ᠃ ᠠᠵᠢᠯᠯᠠᠭ᠎ᠠ ᠳᠤᠮᠳᠠ᠂ ᠣᠷᠣᠯᠴᠠᠭᠰᠠᠳ | ᠣᠯᠣᠯᠲᠠ ᠲᠥᠷᠥᠭᠳᠡᠯ ᠢᠶᠠᠨ ᠬᠠᠷᠢᠯᠴᠠᠨ ᠬᠤᠪᠢᠶᠠᠯᠴᠠᠵᠤ᠂ ᠥᠩᠭᠡ ᠪᠤᠳᠤᠭ ᠢᠶᠠᠨ ᠬᠡᠷᠬᠢᠨ ᠵᠣᠬᠢᠴᠠᠭᠤᠯᠬᠤ ᠶᠢ ᠶᠠᠷᠢᠯᠴᠠᠨ᠎ᠠ᠂ ᠡᠭᠡᠯ ᠵᠢᠷ ᠤᠨ ᠪᠥᠰ ᠨᠢ ᠲᠡᠳᠡᠨ ᠤ | ᠤᠷᠠᠨ ᠣᠶᠣᠳᠠᠯ ᠢᠶᠠᠷ ᠥᠪᠡᠷᠮᠢᠴᠡ ᠣᠨᠴᠠᠯᠢᠭ ᠲᠠᠢ ᠪᠣᠳᠠᠲᠤ ᠬᠡᠷᠡᠭᠴᠡᠭᠡᠲᠡᠢ ᠠᠮᠢᠳᠤᠷᠠᠯ ᠤᠨ ᠬᠡᠷᠡᠭᠰᠡᠯ ᠪᠣᠯᠵᠤ ᠬᠤᠪᠢᠷᠠᠯ᠎ᠠ᠂ ᠬᠤᠶᠠᠷ ᠬᠤᠭᠤᠴᠠᠭᠠᠨ ᠤ ᠠᠵᠢᠯᠯᠠᠭ᠎ᠠ | ᠨᠢ ᠵᠡᠮᠳᠡᠭ ᠨᠠᠶᠢᠵᠠ ᠨᠠᠷ ᠲᠤ ᠰᠢᠨ᠎ᠡ ᠮᠡᠷᠭᠡᠵᠢᠯ ᠡᠵᠡᠮᠰᠢᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠲᠡᠳᠡᠨ ᠤ ᠢᠲᠡᠭᠡᠯ ᠵᠣᠷᠢᠭ ᠢ ᠨᠡᠮᠡᠭᠳᠡᠭᠦᠯᠦᠨ᠂ ᠨᠥᠬᠦᠷᠯᠡᠯ ᠢ ᠨᠢ | ᠵᠤᠵᠠᠭᠠᠳᠬᠠᠭᠰᠠᠨ ᠪᠠᠶᠢᠨ᠎ᠠ᠃ ᠨᠢᠭᠡ ᠵᠡᠭᠦᠦ ᠨᠢᠭᠡ ᠤᠲᠠᠰᠤ ᠨᠢ ᠴᠥᠮ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠮᠥᠨ︔ ᠪᠦᠲᠦᠭᠡᠯ | ᠨᠢᠭᠡᠪᠦᠷᠢ ᠨᠢ ᠴᠥᠮ ᠲᠡᠳᠡᠨ ᠤ ᠡᠷᠡᠰ ᠴᠢᠩᠭ᠎ᠠ ᠪᠠᠶᠠᠰᠤᠩᠭᠤᠢ ᠠᠮᠢᠳᠤᠷᠠᠬᠤᠢ ᠶᠢᠨ ᠣᠪᠣᠷ ᠤᠨ ᠢᠯᠡᠷᠡᠯ ᠮᠥᠨ᠃ | ᠢᠷᠡᠭᠡᠳᠦᠢ ᠪᠠᠨ ᠪᠠᠷᠠᠯᠠᠬᠤᠶ᠎ᠠ | ᠬᠤᠵᠢᠮ᠂ ᠲᠣᠰᠣᠲᠤ ᠨᠡᠶᠢᠭᠡᠮ ᠲᠣᠭᠤᠷᠢᠭ ᠤᠨ ᠬᠢᠨ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠡᠮᠳᠡᠭᠴᠦᠳ ᠲᠤ ᠥᠪᠡᠷ ᠢ ᠪᠠᠨ ᠳᠡᠯᠭᠡᠨ | ᠦᠵᠡᠭᠦᠯᠬᠦ᠂ ᠨᠡᠶᠢᠭᠡᠮ ᠲᠠᠢ ᠠᠭᠤᠰᠤᠯᠴᠠᠬᠤ ᠲᠠᠪᠴᠠᠩ ᠢ ᠨᠡᠩ ᠤᠯᠠᠨ ᠪᠠᠶᠢᠭᠤᠯᠵᠤ ᠥᠭᠭᠦᠨ᠂ ᠬᠠᠶᠢᠷ᠎ᠠ ᠬᠠᠯᠠᠮᠵᠢᠯᠠᠯ ᠬᠢᠭᠡᠳ ᠬᠦᠰᠡᠯ ᠡᠷᠡᠮᠡᠯᠵᠡᠯ ᠢ ᠳᠠᠮᠵᠢᠭᠤᠯᠤᠨ᠎ᠠ᠃ | | | | | |