ᠭᠤᠣ ᠬᠤᠸᠠᠢ ᠵᠢᠩ ᠨᠡᠭᠦᠷᠡᠰᠦᠨ ᠤ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/2
      4 ᠳ᠋ᠦ᠋ᠭᠡᠷ ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠨᠡᠭᠦᠷᠡᠰᠦᠨ ᠤ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠥᠷᠨᠢᠭᠦᠯᠦᠨ᠂ ᠨᠡᠭᠦᠷᠡᠰᠦᠨ ᠤ ᠠᠵᠤ ᠠᠬᠤᠶᠢᠯᠠᠯ ᠤᠨ ᠦᠢᠯᠡᠳᠪᠦᠷᠢᠯᠡᠯ ᠤᠨ ᠣᠳᠣᠬᠢ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠪᠡ᠃    ᠭᠤᠤ ᠬᠤᠸᠠᠢ ᠵᠢᠩ ᠣᠷᠳᠣᠰ ᠴᠠᠬᠢᠯᠭᠠᠨ ᠬᠦᠴᠦᠨ ᠤ ᠲᠡᠮᠦᠷᠯᠢᠭ ᠬᠠᠶᠢᠯᠤᠭᠤᠯᠬᠤ ᠪᠦᠯᠦᠭᠯᠡᠯ ᠤᠨ ᠨᠢᠭᠡᠳᠦᠭᠡᠷ ᠠᠭᠤᠷᠬᠠᠢ᠂ ᠣᠷᠳᠣᠰ ᠨᠡᠭᠦᠷᠡᠰᠦᠨ ᠤ ᠠᠷᠪᠠᠰ ᠤᠨ ᠬᠤᠶᠠᠳᠤᠭᠠᠷ ᠠᠭᠤᠷᠬᠠᠢ᠂ ᠠᠨ ᠯᠢᠶᠠᠨ ᠨᠡᠭᠦᠷᠡᠰᠦᠨ ᠠᠭᠤᠷᠬᠠᠢ᠂ ᠴᠢ ᠫᠠᠨ ᠵᠢᠩ ᠠᠭᠤᠷᠬᠠᠢ ᠶᠢᠨ ᠦᠢᠯᠡᠰ ᠤᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠵᠤ ᠶᠠᠷᠢᠯᠴᠠᠨ᠂ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ᠂ ᠡᠵᠡᠩᠨᠡᠯᠲᠡ ᠪᠣᠷᠤᠯᠠᠭᠤᠯᠭ᠎ᠠ᠂ ᠭᠠᠷ ᠭᠦᠢᠴᠡᠳᠬᠡᠯ᠂ ᠠᠶᠤᠯᠭᠦᠢ ᠦᠢᠯᠡᠳᠪᠦᠷᠢᠯᠡᠯ᠂ ᠠᠵᠢᠯᠲᠠᠨ ᠤ ᠴᠠᠯᠢᠩ ᠬᠥᠯᠥᠰᠦ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠰᠢᠵᠤ ᠪᠠᠶᠢᠭ᠎ᠠ ᠠᠰᠠᠭᠤᠳᠠᠯ ᠢᠶᠠᠨ ᠬᠡᠯᠡᠵᠦ᠂ ᠬᠡᠷᠡᠭᠴᠡᠭᠡ ᠱᠠᠭᠠᠷᠳᠠᠯᠭ᠎ᠠ ᠪᠠᠨ ᠶᠠᠷᠢᠨ᠂ ᠰᠠᠨᠠᠭᠤᠯᠭ᠎ᠠ ᠳᠤᠷᠠᠳᠪᠠ᠃ ᠭᠤᠸ ᠬᠤᠸᠠᠢ ᠵᠢᠩ ᠰᠣᠨᠣᠰᠬᠤ ᠶᠢᠨ ᠳᠠᠭᠠᠤ ᠲᠡᠮᠳᠡᠭᠯᠡᠨ᠂ ᠨᠢᠭᠡᠳ ᠨᠢᠭᠡ ᠪᠠᠷ ᠬᠠᠷᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠭᠦᠷᠭᠡ ᠶᠢᠨ ᠨᠠᠷᠢᠨ ᠳᠠᠩᠰᠠ ᠶᠢ ᠪᠦᠷᠢᠯᠳᠦᠭᠦᠯᠦᠨ᠂ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠲᠤ ᠲᠦᠷᠦᠭᠦᠯᠡᠨ ᠭᠦᠢᠴᠡᠳᠬᠡᠵᠦ᠂ ᠲᠣᠭᠲᠠᠭᠰᠠᠨ ᠬᠤᠭᠤᠴᠠᠭᠠᠨ ᠳᠤ ᠬᠠᠷᠢᠭᠤ ᠲᠤᠰᠬᠠᠬᠤ ᠬᠡᠷᠡᠭᠲᠡᠢ ᠭᠡᠵᠦ ᠵᠠᠬᠢᠪᠠ᠃    ᠭᠤᠤ ᠬᠤᠸᠠᠢ ᠵᠢᠩ ᠬᠡᠯᠡᠬᠦ ᠳᠡᠭᠡᠨ᠂ ᠨᠡᠭᠦᠷᠡᠰᠦᠨ ᠤ ᠠᠵᠤ ᠠᠬᠤᠶᠢᠯᠠᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠤᠳᠠᠭᠠᠰᠢᠷᠠᠭᠤᠯᠵᠤ ᠪᠣᠯᠬᠤ ᠦᠭᠡᠢ︾ ᠪᠠᠶᠢᠬᠤ ᠲᠤᠯᠭᠠᠮ᠎ᠠ ᠰᠡᠳᠬᠢᠯᠭᠡ ᠪᠣᠯᠣᠨ ︽ᠰᠠᠭᠤᠵᠤ ᠲᠣᠭᠲᠠᠬᠤ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠭᠠᠷᠳᠠᠮ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠠᠰᠠᠭᠤᠳᠠᠯ ᠢ ᠬᠠᠮᠵᠢᠯᠴᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠳᠤ ᠰᠢᠯᠢᠳᠡᠭ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠦᠨ᠂ ᠮᠥᠩᠭᠦᠨ ᠬᠦᠢᠯᠭᠡᠭᠡ ᠪᠠᠷ ᠳᠡᠮᠵᠢᠬᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠠᠪᠴᠠᠯᠳᠤᠭᠤᠯᠬᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠪᠣᠳᠠᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠂ ᠬᠦᠴᠦᠨ ᠨᠡᠮᠡᠷᠢᠯᠡᠬᠦ ᠬᠡᠷᠡᠭᠲᠡᠢ᠃ ᠨᠡᠭᠦᠷᠡᠰᠦᠨ ᠤ ᠠᠵᠤ ᠠᠬᠤᠶᠢᠯᠠᠯ ᠤᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠥᠬᠦ ᠬᠦᠴᠦᠨ ᠢᠶᠠᠷ ᠢᠶᠠᠨ ᠭᠠᠷᠤᠯᠲᠠ ᠪᠠᠨ ᠲᠣᠭᠲᠠᠪᠤᠷᠢᠵᠢᠭᠤᠯᠤᠨ ᠪᠣᠷᠤᠯᠠᠭᠤᠯᠭ᠎ᠠ ᠪᠠᠨ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠬᠢᠭᠡᠳ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠢᠯᠡᠳᠪᠦᠷᠢᠯᠡᠯ ᠢᠶᠠᠨ ᠵᠣᠭᠰᠤᠭᠠᠬᠤ ᠦᠭᠡᠢ᠂ ︽ᠳᠠᠷᠤᠭᠠᠰᠤ︾ ᠶᠢ ᠬᠥᠩᠭᠡᠷᠡᠭᠦᠯᠬᠦ ᠦᠭᠡᠢ᠂ ᠠᠵᠢᠯᠲᠠᠨ ᠢ ᠬᠠᠰᠤᠬᠤ ᠦᠭᠡᠢ᠂ ᠴᠠᠯᠢᠩ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠬᠡᠷᠡᠭᠲᠡᠢ ᠭᠡᠪᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ