3 ᠳ᠋ᠤᠭᠠᠷ ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ | ᠰᠢᠶᠦ᠋ᠡᠭ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠣᠶ ᠰᠢᠭᠤᠢ ᠡᠪᠡᠰᠦ ᠪᠡᠯᠴᠢᠭᠡᠷ ᠤᠨ ᠬᠠᠤᠯᠢ ᠵᠥᠷᠢᠴᠡᠭᠰᠡᠨ ᠵᠢᠷᠤᠭ ᠲᠣᠯᠪᠤ᠂ ᠬᠠᠤᠯᠢ | ᠵᠥᠷᠢᠴᠡᠨ ᠲᠠᠷᠢᠶᠠᠨ ᠭᠠᠵᠠᠷ ᠢ ᠡᠵᠡᠯᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠵᠢᠴᠢ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ | ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾ ᠵᠡᠷᠭᠡ ᠠᠵᠢᠯ ᠳᠤ ᠲᠤᠰᠬᠠᠢ ᠰᠡᠳᠦᠪ ᠢᠶᠠᠷ ᠲᠣᠬᠢᠷᠠᠭᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠲᠠᠷᠠᠭᠠᠴᠢ ᠶᠢᠨ ᠠᠵᠢᠯ ᠢ ᠪᠠᠶᠢᠷᠢᠯᠠᠭᠤᠯᠪᠠ᠃ | ᠰᠣ᠋ ᡁᠢ ᠰᠢᠶᠦ᠋ᠡᠭ ᠬᠡᠯᠡᠬᠦ ᠳᠡᠭᠡᠨ᠂ ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠵᠢᠴᠢ ᠭᠤᠣᠯ ᠮᠥᠷᠡᠨ ᠨᠠᠭᠤᠷ ᠴᠥᠬᠦᠷᠥᠮ ᠤᠨ | ︽ᠲᠦᠷᠪᠡᠨ ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾ ᠠᠵᠢᠯ ᠢ ᠰᠠᠶᠢᠲᠤᠷ ᠬᠢᠬᠦ ᠨᠢ ᠤᠯᠤᠰ ᠲᠦᠷᠦ ᠶᠢᠨ ᠡᠭᠦᠷᠭᠡᠯᠡᠯ ᠢ ᠰᠢᠯᠭᠠᠨ ᠪᠠᠶᠢᠴᠠᠭᠠᠵᠤ᠂ ᠠᠮᠢ ᠠᠬᠤᠢ ᠶᠢᠨ | ᠬᠤᠷᠢᠭ᠎ᠠ ᠱᠤᠭᠤᠮ ᠳᠤ ᠬᠤᠯᠪᠣᠭᠳᠠᠵᠤ ᠪᠠᠶᠢᠨ᠎ᠠ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ | ᠳᠡᠭᠡᠭᠰᠢᠯᠡᠭᠦᠯᠵᠦ᠂ ᠬᠠᠤᠯᠢ ᠵᠥᠷᠢᠴᠡᠭᠰᠡᠨ ᠵᠢᠷᠤᠭ ᠲᠣᠯᠪᠤ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠶᠢᠯᠠᠭᠠᠨ᠂ ᠠᠰᠠᠭᠤᠳᠠᠯ ᠲᠠᠢ ᠵᠢᠷᠤᠭ ᠲᠣᠯᠪᠤ ᠶᠢ ᠴᠡᠭᠴᠡᠯᠡᠨ | ᠰᠠᠶᠢᠵᠢᠷᠠᠭᠤᠯᠬᠤ ᠬᠠᠷᠠᠯᠲᠠ ᠶᠢ ᠴᠢᠩᠭ᠎ᠠ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ᠂ ᠦᠳᠲᠡᠷ ᠲᠦᠷᠭᠡᠨ ᠬᠥᠳᠡᠯᠦᠯᠴᠡᠵᠦ᠂ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ︽ᠪᠣᠳᠠᠲᠠᠢ︾ ᠣᠪᠣᠷ᠂ ︽ᠬᠠᠲᠠᠭᠤ︾ ᠰᠤᠷᠲᠠᠯ ᠢᠶᠠᠷ ᠭᠠᠴᠠᠭ᠎ᠠ ᠲᠣᠰᠬᠤᠨ ᠳᠠᠷᠠᠭᠠᠯᠠᠨ ᠪᠣᠳᠠᠲᠠᠢ ᠭᠠᠵᠠᠷ ᠲᠤᠨᠢ ᠳᠠᠷᠠᠭᠠᠯᠠᠨ | ᠪᠠᠶᠢᠴᠠᠭᠠᠵᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠪᠠᠷᠢᠮᠵᠢᠶ᠎ᠠ ᠳᠤ ᠬᠦᠷᠭᠡᠨ᠂ ᠨᠢᠭᠡ ᠶᠢ ᠪᠠᠬᠢᠵᠢᠭᠦᠯᠬᠦ ᠬᠡᠷᠡᠭᠲᠡᠢ᠃ ᠤᠯᠤᠰ ᠤᠨ ᠲᠣᠮᠣ ᠶᠠᠪᠤᠳᠠᠯ ᠢ | ᠢᠮᠠᠭᠲᠠ ᠪᠠᠲᠤ ᠴᠡᠭᠡᠵᠢᠯᠡᠵᠦ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ | ᠬᠦᠴᠦᠨ ᠤ ᠪᠠᠶᠢᠭᠤᠯᠤᠯᠲᠠ ᠶᠢ ᠲᠠᠰᠤᠷᠠᠯᠳᠡ ᠦᠭᠡᠢ ᠴᠢᠩᠭᠠᠳᠬᠠᠵᠤ᠂ ᠤᠢ ᠮᠣᠳᠣ ᠡᠪᠡᠰᠦ ᠪᠡᠯᠴᠢᠭᠡᠷ ᠢ ᠡᠪᠳᠡᠬᠦ᠂ ᠲᠣᠭᠲᠠᠭᠠᠯ ᠵᠥᠷᠢᠴᠡᠨ ᠮᠠᠯᠵᠢᠬᠤ ᠵᠡᠷᠭᠡ ᠬᠠᠤᠯᠢ | ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠦᠷᠭᠦᠯᠵᠢᠯᠡᠨ ᠴᠢᠩᠭᠠᠷᠠᠭᠤᠯᠤᠨ᠂ ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠤᠨ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠲᠣᠪᠣᠶᠢᠯᠭᠠᠨ᠂ ᠬᠤᠷᠢᠭ᠎ᠠ ᠱᠤᠭᠤᠮ ᠤᠨ | ᠰᠡᠳᠬᠢᠬᠦᠢ᠂ ᠰᠢᠪᠲᠤᠯᠤᠯᠲᠠ ᠭᠠᠷᠭᠠᠬᠤ ᠰᠡᠳᠬᠢᠬᠦᠢ ᠶᠢ ᠪᠠᠲᠤ ᠪᠣᠢ ᠪᠣᠯᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠠᠵᠢᠯᠯᠠᠭ᠎ᠠ ᠶᠢ | ᠴᠡᠭᠴᠡᠯᠡᠬᠦ︾ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠵᠦ᠂ ᠤᠰᠤᠨ ᠤ ᠤᠷᠤᠰᠬᠠᠯ ᠢ ᠬᠠᠷᠰᠢᠯᠠᠬᠤ ᠪᠣᠳᠠᠰ᠂ ᠡᠯᠡᠰᠦ ᠮᠠᠯᠲᠠᠭᠰᠠᠨ ᠬᠠᠶᠠᠭᠳᠠᠮᠠᠯ ᠨᠦᠬᠡ ᠶᠢ | ᠪᠦᠬᠦ ᠲᠠᠯ᠎ᠠ ᠪᠠᠷ ᠴᠡᠪᠡᠷᠯᠡᠨ᠂ ᠢᠯᠡᠷᠡᠭᠦᠯᠦᠮᠡᠭᠴᠡ ᠲᠤᠶᠢᠯᠪᠤᠷᠢᠲᠠᠢ ᠰᠢᠢᠳᠪᠦᠷᠢᠯᠡᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ | ᠬᠦᠴᠦᠨ ᠢᠶᠠᠷ ᠢᠶᠠᠨ ᠪᠠᠬᠢᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠢ ᠭᠡᠪᠡ᠃ | | | |