4 ᠳ᠋ᠦ᠋ᠭᠡᠷ ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ | ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠷᠠᠯ ᠡᠷᠭᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ | ᠨᠢᠭᠡᠳᠦᠯᠲᠡᠢ ᠲᠥᠯᠥᠪᠵᠢᠭᠦᠯᠬᠦ︾ ᠵᠣᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠪᠦᠬᠦ ᠣᠷᠣᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ | ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ | ᠪᠣᠯᠣᠨ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ | ᠬᠤᠷᠠᠯ ᠳᠡᠭᠡᠷ᠎ᠡ ᠨᠢᠭᠡᠳᠦᠭᠡᠷ ᠤᠯᠠᠷᠢᠯ ᠤᠨ ᠪᠥᠬᠦ ᠬᠤᠰᠢᠭᠤᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠡᠵᠡᠮᠳᠡᠨ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠢ ᠶᠢ ᠠᠳᠬᠤᠬᠤ᠂ | ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠵᠢᠱᠢᠭᠰᠡᠨ ᠨᠡᠮᠡᠭᠳᠡᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠣᠬᠢᠷᠠᠭᠤᠯᠭ᠎ᠠ ᠶᠢ ᠴᠢᠩᠭᠠᠳᠬᠠᠵᠤ᠂ ᠪᠦᠲᠦᠮᠵᠢᠲᠡᠢ ᠠᠷᠭ᠎ᠠ ᠪᠣᠳᠣᠯᠭ᠎ᠠ ᠶᠢ | ᠬᠡᠷᠡᠭᠵᠢᠭᠦᠯᠦᠨ᠂ ᠬᠤᠳᠠᠯᠳᠤᠭᠠᠴᠢᠨ ᠤᠷᠢᠬᠤ ᠲᠦᠷᠦᠯ ᠵᠦᠢᠯ ᠤᠨ ᠲᠦᠷᠭᠡᠨ ᠭᠡᠷ᠎ᠡ ᠲᠣᠭᠲᠠᠬᠤ᠂ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠨ ᠠᠵᠢᠯ | ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠨ ᠠᠰᠢᠭᠯᠠᠯᠲᠠ ᠳᠤ ᠣᠷᠣᠭᠤᠯᠬᠤ᠂ ᠠᠵᠢᠯᠯᠠᠭᠠᠨ ᠤ ᠲᠦᠷᠦᠯ ᠵᠦᠢᠯ ᠤᠨ ᠳᠠᠭᠠᠭᠠᠴᠠ ᠶᠢ ᠦᠨᠡᠨᠬᠦ | ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠪᠦᠬᠦ | ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠠᠵᠤ ᠠᠬᠤᠶᠢᠯᠠᠯ ᠬᠠᠷᠢᠭᠤᠴᠠᠯᠭ᠎ᠠ ᠡᠭᠦᠷᠭᠡᠯᠡᠬᠦ ᠪᠠᠨ | ᠴᠢᠩᠭᠠᠳᠬᠠᠵᠤ᠂ ᠦᠢᠯᠡᠳᠪᠦᠷᠢᠯᠡᠯ ᠢᠶᠠᠨ ᠵᠣᠭᠰᠤᠭᠠᠬᠤ ᠦᠭᠡᠢ᠂ ᠠᠵᠢᠯᠲᠠᠨ ᠢᠶᠠᠨ ᠬᠠᠰᠤᠬᠤ ᠦᠭᠡᠢ᠂ ᠴᠠᠯᠢᠩ ᠢᠶᠠᠨ ᠪᠠᠭᠤᠷᠠᠭᠤᠯᠬᠤ ᠦᠭᠡᠢ᠂ ᠳᠠᠭᠠᠭᠠᠴᠠ ᠶᠢ | ᠪᠠᠭᠤᠷᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ | ᠬᠡᠷᠡᠭᠲᠡᠢ᠃ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠥᠬᠦ ᠬᠤᠰᠢᠭᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠪᠣᠯᠣᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ | ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠣᠲᠤᠭ | ᠬᠤᠰᠢᠭᠤᠨ ᠤ 2025 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾᠂ ︽ᠣᠲᠤᠭ ᠬᠤᠰᠢᠭᠤᠨ ᠤ ᠣᠶ ᠰᠢᠭᠤᠢ ᠡᠪᠡᠰᠦ | ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠬᠢᠨᠠᠨ ᠵᠥᠪᠯᠡᠵᠦ᠂ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠶ ᠰᠢᠭᠤᠢ ᠡᠪᠡᠰᠦ | ᠪᠡᠯᠴᠢᠭᠡᠷ ᠢ ᠡᠪᠳᠡᠬᠦ ᠠᠵᠢᠯᠯᠠᠭ᠎ᠠ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠵᠤ | ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ᠂ ᠳᠠᠯᠳᠠᠭᠤᠷ ᠪᠡᠯᠴᠢᠭᠡᠷᠯᠡᠭᠦᠯᠬᠦ ᠰᠥᠨᠢ ᠪᠠᠷ ᠪᠡᠯᠴᠢᠭᠡᠷᠯᠡᠭᠦᠯᠬᠦ ᠵᠡᠷᠭᠡ | ᠬᠠᠤᠯᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠥᠬᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠪᠠ ︽ᠳᠥᠷᠪᠡᠨ ᠳᠤᠷ᠎ᠠ ᠪᠠᠷ | ᠠᠵᠢᠯᠯᠠᠭ᠎ᠠ ᠶᠢ ᠴᠡᠭᠴᠡᠯᠡᠬᠦ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ︽ᠣᠲᠤᠭ ᠬᠤᠰᠢᠭᠤᠨ ᠤ 2025 ᠣᠨ ᠤ ᠭᠤᠣᠯ ᠮᠥᠷᠡᠨ | ᠨᠠᠭᠤᠷ ᠴᠥᠬᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠰᠢᠰᠲ᠋ᠧᠮ ᠲᠠᠢ ᠵᠠᠰᠠᠬᠤ ᠶᠢ ᠴᠢᠩᠭᠠᠳᠬᠠᠨ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ︽ᠳᠥᠷᠪᠡᠨ ᠳᠤᠷ᠎ᠠ ᠪᠠᠷ ᠠᠵᠢᠯᠯᠠᠭ᠎ᠠ ᠶᠢ ᠴᠡᠭᠴᠡᠯᠡᠬᠦ︾ ᠠᠵᠢᠯ ᠢ ᠪᠠᠶᠢᠩᠭᠤ ᠪᠦᠲᠦᠮᠵᠢᠲᠡᠢ | ᠥᠷᠨᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ ︽ᠣᠲᠤᠭ ᠬᠤᠰᠢᠭᠤᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ | ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ᠂ ᠪᠤᠰᠤᠳ ᠵᠦᠢᠯᠡᠰ ᠢ ᠰᠤᠳᠤᠯᠪᠠ᠃ | | | |