ᠣᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ
ᠨᠡᠶᠢᠲᠡᠯᠡᠭᠰᠡᠨ ᠴᠠᠭ᠄
2025/4/25
W020250416565453051464.jpg
         ᠬᠥᠲᠥᠯᠥᠭᠴᠢ᠄ ᠳᠠᠶᠠᠭᠠᠷ ᠢᠶᠠᠨ ᠰᠠᠶᠢᠨ ᠪᠠᠶᠢᠨ᠎ᠠ ᠦᠦ︖ ᠥᠨᠥᠳᠥᠷ ᠤᠨ ᠰᠦᠯᠵᠢᠶᠡᠨ ᠳᠡᠭᠡᠷᠡᠬᠢ ᠰᠣᠷᠪᠣᠯᠵᠢᠯᠠᠭ᠎ᠠ ᠳᠠᠭᠠᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠢ ᠶᠦᠩ ᠹᠧᠩ ᠨᠥᠬᠦᠷ ᠢ ᠤᠷᠢᠵᠤ ᠰᠤᠷᠪᠤᠯᠵᠢᠯᠠᠬᠤ ᠪᠠᠷ ᠪᠣᠯᠣᠯ᠎ᠠ᠃ ᠱᠢ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠱᠢ ᠶᠦᠩ ᠹᠧᠩ᠄ ᠬᠥᠲᠥᠯᠥᠭᠴᠢ ᠰᠠᠶᠢᠨ ᠦᠦ︖ ᠲᠠ ᠪᠦᠬᠦᠨ ᠰᠠᠶᠢᠨ ᠦᠦ︖ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠲᠠᠪᠴᠠᠩ ᠢᠶᠠᠷ ᠲᠠ ᠣᠯᠠᠨ ᠲᠠᠢ ᠪᠠᠨ ᠰᠠᠨᠠᠯ ᠢᠶᠠᠨ ᠰᠤᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠨᠡ ᠲᠠᠰᠢᠷᠠᠮ ᠢᠶᠠᠷ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠣᠯᠣᠨ ᠨᠠᠶᠢᠵᠠ ᠨᠠᠷ ᠲᠠᠭᠠᠨ ᠲᠠᠯᠠᠷᠬᠠᠵᠤ ᠪᠠᠶᠢᠨ᠎ᠠ᠃       ᠬᠥᠲᠥᠯᠥᠭᠴᠢ᠄ ᠱᠢ ᠲᠣᠪᠴᠢᠶᠠᠨ ᠳᠠᠷᠤᠭ᠎ᠠ ᠡ᠂ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠬᠤᠶᠠᠷ ᠵᠢᠯ ᠳᠤ ᠰᠠᠭᠤᠷᠢ ᠪᠠᠨ ᠪᠠᠲᠤᠳᠬᠠᠨ᠂ ᠭᠤᠷᠪᠠᠨ ᠵᠢᠯ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠲᠠᠪᠤᠨ ᠵᠢᠯ ᠳᠤ ᠰᠢᠨ᠎ᠡ ᠳᠡᠭᠲᠡᠷ ᠲᠤ ᠭᠠᠷᠭᠠᠨ᠂ ᠵᠢᠷᠭᠤᠭᠠᠨ ᠵᠢᠯ ᠳᠤ ᠶᠡᠭᠡ ᠦᠷ᠎ᠡ ᠪᠦᠲᠦᠮᠵᠢ ᠣᠯᠬᠤ︾ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠷᠠᠯᠲᠠ ᠶᠢ ᠳᠤᠷᠠᠳᠤᠭᠰᠠᠨ ᠪᠥᠭᠡᠳ ︽ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠪᠠᠨ ᠶᠠᠪᠤᠳᠠᠯ︾ ᠳᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠰᠢᠰᠲ᠋ᠧᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠲᠠ ᠮᠠᠨ ᠤ ᠬᠤᠰᠢᠭᠤᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠥᠯᠥᠪᠯᠡᠭᠡ ᠵᠢᠴᠢ ᠲᠡᠭᠦᠨ ᠤ ᠠᠷᠤ ᠳᠠᠬᠢ ᠪᠣᠳᠣᠯᠬᠢᠯᠠᠯ ᠢ ᠲᠥᠬᠦᠮ ᠲᠠᠨᠢᠯᠴᠠᠭᠤᠯᠤᠭᠠᠳ ᠥᠭᠭᠦᠨ᠎ᠡ ᠦᠦ︖      ᠱᠢ ᠶᠦᠩ ᠹᠧᠩ᠄ ᠡᠨᠡ ᠨᠢᠭᠡ ᠬᠤᠭᠤᠴᠠᠭᠠᠨ ᠤ ᠲᠤᠷᠰᠢ᠂ ᠣᠲᠤᠭ ᠬᠤᠰᠢᠭᠤᠨ ᠤ ᠰᠤᠷᠭᠠᠨ ᠬᠥᠮᠦᠵᠢᠯ ᠨᠢ ᠬᠤᠲᠠ ᠪᠠᠯᠭᠠᠰᠤᠵᠢᠯᠲᠠ᠂ ᠵᠠᠮ ᠬᠠᠷᠢᠯᠴᠠᠭᠠᠨ ᠤ ᠣᠷᠣᠨ ᠪᠠᠶᠢᠷᠢ᠂ ᠨᠡᠶᠢᠭᠡᠮ ᠤᠨ ᠦᠵᠡᠯᠲᠡ ᠵᠡᠷᠭᠡ ᠬᠦᠴᠦᠨ ᠵᠦᠢᠯ ᠤᠨ ᠨᠥᠯᠥᠭᠡ ᠶᠢ ᠨᠡᠯᠢᠶᠡᠳ ᠶᠡᠭᠡ ᠭᠥᠷᠳᠡᠵᠦ᠂ ᠬᠤᠰᠢᠭᠤ ᠳᠣᠲᠣᠷᠠᠬᠢ ᠰᠢᠯᠢᠳᠡᠭ ᠰᠣᠷᠣᠭᠴᠢ ᠬᠢᠭᠡᠳ ᠪᠠᠭᠰᠢ ᠣᠷᠳᠣ ᠬᠤᠭᠤᠴᠠᠭ᠎ᠠ ᠪᠠᠷ ᠶᠡᠭᠡ ᠬᠡᠮᠵᠢᠶ᠎ᠡ ᠪᠠᠷ ᠠᠯᠳᠠᠭᠳᠠᠨ᠂ ᠣᠯᠠᠨ ᠲᠦᠮᠡᠨ ᠤ ᠰᠤᠷᠭᠠᠨ ᠬᠥᠮᠦᠵᠢᠯ ᠤᠨ ᠲᠤᠬᠠᠢ ᠢᠲᠡᠭᠡᠯ ᠵᠣᠷᠢᠭ ᠬᠦᠷᠦᠯᠴᠡᠬᠦ ᠦᠭᠡᠢ᠂ ᠬᠦᠷᠲᠡᠮᠵᠢ ᠶᠢᠨ ᠲᠥᠷᠥᠭᠳᠡᠯ ᠴᠢᠩᠭ᠎ᠠ ᠪᠤᠰᠤ ᠪᠠᠶᠢᠵᠤ᠂ ᠬᠡᠦᠬᠡᠳ ᠢ ︽ᠭᠠᠳᠠᠭᠰᠢ ᠬᠦᠷᠭᠡᠬᠦ︾ ᠨᠢ ᠶᠡᠭᠡ ᠬᠠᠨᠳᠤᠰᠢ ᠪᠣᠯᠣᠭᠰᠠᠨ ᠪᠠᠶᠢᠨ᠎ᠠ᠃ ᠡᠶᠢᠮᠦᠷᠬᠦ ᠪᠣᠳᠠᠲᠤ ᠪᠠᠶᠢᠳᠠᠯ ᠳᠤ ᠰᠠᠭᠤᠷᠢᠯᠠᠨ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠠᠯ᠎ᠠ ᠪᠠᠷ᠂ ᠪᠢᠳᠡ ︽ᠦᠵᠡᠯ ᠰᠠᠨᠠᠭ᠎ᠠ ᠤᠯᠤᠰ ᠲᠥᠷᠥ ᠶᠢᠨ ᠶᠡᠭᠡ ᠬᠢᠴᠢᠶᠡᠯ︾ ᠤᠨ ᠪᠠᠶᠢᠭᠤᠯᠤᠯᠲᠠ ᠳᠤ ᠠᠩᠬᠠᠷᠤᠯ ᠢᠶᠠᠨ ᠬᠠᠨᠳᠤᠭᠤᠯᠵᠤ᠂ ︽ᠴᠠᠭ ᠢᠮᠠᠭᠲᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢᠶᠠᠷ ᠵᠢᠯᠣᠭᠤᠳᠤᠯᠭ᠎ᠠ ᠪᠣᠯᠭᠠᠵᠤ᠂ ᠦᠢᠯᠡᠳᠦᠯᠭᠡ ᠶᠢ ᠢᠳᠡᠪᠬᠢᠲᠡᠢ ᠰᠦᠪᠡᠭᠴᠢᠯᠡᠨ᠂ ᠪᠥᠬᠦ ᠬᠢᠴᠢᠶᠡᠯ ᠲᠥᠷᠥᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠳᠠᠶᠢᠴᠢᠯᠠᠵᠤ᠂ ᠪᠦᠬᠦ ᠲᠠᠯ᠎ᠠ ᠪᠠᠷ ᠬᠥᠮᠥᠨ ᠢ ᠬᠥᠮᠥᠵᠢᠭᠦᠯᠬᠦ ᠶᠢ ᠠᠬᠢᠭᠤᠯᠪᠠ᠃ ᠤᠲᠤᠭ ᠬᠤᠰᠢᠭᠤᠨ ᠳᠤ ᠥᠪᠡᠷᠮᠢᠴᠡ ᠳᠠᠪᠠᠭᠤᠯᠢᠭ ᠲᠠᠢ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠡᠬᠢ ᠪᠠᠶᠠᠯᠢᠭ ᠲᠠᠢ ᠪᠠᠶᠢᠳᠠᠭ ᠶᠤᠮ᠄ ᠵᠢᠱᠢᠶᠡᠯᠡᠪᠡᠯ ᠲᠣᠭᠤᠷᠢᠮ ᠬᠤᠪᠢᠰᠬᠠᠯᠲᠤ ᠰᠣᠶᠣᠯ ᠤᠨ ᠬᠥᠮᠦᠵᠢᠯ ᠤᠨ ᠰᠠᠭᠤᠷᠢᠨ ᠭᠠᠵᠠᠷ ᠨᠢ ᠨᠢᠭᠡᠨ ᠪᠠᠯᠠᠷᠠᠰᠢ ᠦᠭᠡᠢ ᠤᠶᠤᠨ ᠰᠠᠨᠠᠭᠠᠨ ᠤ ᠬᠡᠷᠡᠯᠳᠦ ᠴᠠᠮᠬᠠᠭ ᠰᠢᠭ᠋ ᠢᠶᠠᠷ ᠠᠬᠠᠮᠠᠳ ᠬᠤᠪᠢᠰᠬᠠᠯᠴᠢᠳ ᠤᠨ ᠠᠷᠢᠭᠤᠨ ᠴᠢᠰᠤ ᠪᠠᠨ  ᠤᠷᠤᠰᠬᠠᠵᠤ ᠡᠷᠡᠯᠬᠡᠭᠯᠡᠨ ᠲᠡᠮᠡᠴᠡᠭᠰᠡᠨ ᠥᠩᠭᠡᠷᠡᠯᠲᠡ ᠶᠢ ᠰᠢᠪᠡᠨᠡᠨ ᠶᠠᠷᠢᠨ᠎ᠠ︔ ᠠᠷᠵᠠᠢ ᠠᠭᠤᠢ ᠨᠢ ᠮᠢᠩᠭᠠᠨ ᠵᠢᠯ ᠤᠨ ᠤᠷᠠᠯᠢᠭ ᠤᠨ ᠬᠤᠷᠠᠮᠳᠤᠯ ᠪᠠ ᠰᠣᠶᠣᠯ ᠤᠯᠠᠮᠵᠢᠯᠠᠯ ᠢ ᠠᠭᠤᠯᠵᠤ᠂ ᠪᠣᠭᠳᠠ ᠮᠡᠷᠭᠡᠳ ᠤᠨ ᠰᠤᠤ ᠤᠬᠠᠭᠠᠨ ᠪᠠ ᠠᠤᠭ᠎ᠠ ᠭᠠᠶᠢᠬᠠᠮᠰᠢᠭᠲᠤ ᠪᠦᠲᠦᠭᠡᠯᠴᠢ ᠴᠢᠳᠠᠪᠤᠷᠢ ᠶᠢ ᠳᠡᠯᠭᠡᠨ ᠦᠵᠡᠭᠦᠯᠵᠦ᠂ ᠬᠤᠵᠢᠮ ᠤᠨ ᠬᠥᠮᠥᠰ ᠤᠨ ᠰᠣᠶᠣᠯ ᠤᠨ ᠤᠯᠠᠮᠵᠢᠯᠠᠯ ᠬᠢᠭᠡᠳ ᠰᠢᠨ᠎ᠡ ᠡᠭᠦᠳᠦᠯᠲᠡ ᠶᠢᠨ ᠲᠤᠬᠠᠢ ᠪᠣᠳᠣᠯᠬᠢᠯᠠᠯ ᠢ ᠰᠡᠩᠬᠡᠷᠡᠭᠦᠯᠵᠡᠢ︔ ᠤᠲᠤᠭ ᠬᠤᠰᠢᠭᠤᠨ ᠤ ᠮᠦᠽᠧᠢ ᠨᠢ ᠤᠯᠠᠨ ᠢᠷᠮᠡᠭᠲᠦ ᠰᠢᠯ ᠮᠡᠲᠦ ᠪᠠᠷ ᠤᠲᠤᠭ ᠤᠨ ᠦᠨᠢ ᠤᠳᠠᠭᠠᠨ ᠲᠡᠤᠬᠡ ᠶᠢ ᠲᠤᠰᠬᠠᠵᠤ᠂ ᠳᠡᠯᠡᠬᠡᠢ ᠳ᠋ᠠᠬᠢᠨ ᠳᠤ ᠷᠢᠳᠢ ᠰᠢᠳᠢ ᠪᠠᠨ ᠭᠠᠶᠢᠬᠠᠭᠤᠯᠤᠨ᠎ᠠ᠃ ᠡᠳᠡᠭᠡᠷ ᠡᠬᠢ ᠪᠠᠶᠠᠯᠢᠭ ᠨᠢ ᠪᠢᠳᠡᠨ ᠤ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠬᠡᠯᠪᠡᠷᠢ ᠶᠢᠨ ᠲᠠᠯ᠎ᠠ ᠪᠠᠷ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠬᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠤᠲᠤᠭ ᠤᠨ ᠮᠦᠽᠧᠢ᠂ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠣᠨᠴᠠᠯᠢᠭᠲᠤ ᠡᠬᠢ ᠪᠠᠶᠠᠯᠢᠭ ᠢ ᠭᠦᠢᠴᠡᠳ ᠡᠮᠬᠢᠯᠡᠭᠰᠡᠨ ᠰᠠᠭᠤᠷᠢᠨ ᠳᠡᠭᠡᠷ᠎ᠡ᠂ ᠣᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠦᠬᠦ ᠲᠠᠯ᠎ᠠ ᠪᠠᠷ ᠨᠢᠭᠡᠳᠦᠯᠲᠡᠢ ᠲᠥᠯᠥᠪᠯᠡᠵᠦ᠂ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠭᠠᠵᠠᠷ ᠣᠷᠣᠨ ᠤ ᠪᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ᠂ ᠲᠠᠪᠤᠨ ᠲᠠᠯ᠎ᠠ ᠶᠢᠨ ᠣᠨᠴᠠᠯᠢᠭ ᠢ ᠪᠦᠷᠢᠯᠳᠦᠭᠦᠯᠦᠭᠰᠡᠨ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠪᠣᠶ ᠪᠣᠯᠭᠠᠪᠠ᠂ ᠲᠤᠬᠠᠶᠢᠯᠠᠪᠠᠯ ︽  ᠤᠯᠠᠮᠵᠢᠯᠠᠯ︾ ᠢ ᠤᠯᠠᠮᠵᠢᠯᠠᠨ ᠵᠠᠯᠭᠠᠮᠵᠢᠯᠠᠬᠤ᠂ ︽ᠠᠮᠢ ᠠᠬᠤᠢ ᠣᠶᠢᠵᠢᠭᠤᠯᠤᠯᠲᠠ︾ ᠶᠢ ᠬᠠᠮᠠᠭᠠᠯᠠᠬᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾ ᠢ ᠬᠠᠶᠢᠨ ᠰᠦᠪᠡᠭᠴᠢᠯᠡᠬᠦ᠂ ︽ᠪᠦᠯᠬᠦᠮᠳᠡᠯ︾ ᠢ ᠮᠠᠭᠲᠠᠨ ᠳᠠᠭᠤᠯᠠᠬᠤ᠂ ︽ᠨᠤᠲᠤᠭ ᠣᠷᠣᠨ︾ ᠢᠶᠠᠨ ᠪᠦᠲᠦᠭᠡᠨ ᠪᠠᠶᠢᠭᠤᠯᠬᠤ ᠲᠠᠪᠤᠨ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠭᠤᠣᠯ ᠰᠡᠳᠦᠪ ᠤᠨ ᠲᠣᠭᠤᠷᠢᠨ ᠳᠤ 10 ᠰᠣᠳᠣᠨ ᠱᠤᠭᠤᠮ ᠢ ᠰᠤᠳᠤᠯᠤᠨ ᠭᠠᠷᠭᠠᠵᠤ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠨ ᠱᠤᠭᠤᠮ ᠶᠣᠰᠣᠭᠠᠷ ᠲᠤᠰᠬᠠᠢ ᠰᠡᠳᠦᠪ ᠬᠤᠪᠢᠶᠠᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃       ᠬᠥᠲᠥᠯᠥᠭᠴᠢ᠄ ᠨᠠᠮ ᠤᠨ ᠪᠠᠶᠢᠭᠤᠯᠤᠯᠲᠠ ᠶᠢᠨ ᠠᠵᠢᠯ ᠪᠣᠯ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠵᠥᠪ ᠴᠢᠭᠯᠡᠯ ᠢ ᠪᠠᠲᠤᠯᠠᠬᠤ ᠶᠢᠨ ᠵᠠᠩᠭᠢᠯᠠᠭ᠎ᠠ ᠮᠥᠨ᠃ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠲᠠᠯ᠎ᠠ ᠪᠠᠷ ᠲᠠᠨ ᠤ ᠲᠣᠪᠴᠢᠶ᠎ᠠ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠤᠢ︖       ᠱᠢ ᠶᠦᠩ ᠹᠸᠡᠭ᠄ ᠣᠶᠢᠷ᠎ᠠ ᠶᠢᠨ ᠵᠢᠯ ᠤᠳ ᠲᠤ᠂ ᠤᠲᠤᠭ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠭᠦᠨᠵᠡᠭᠡᠢ ᠠᠭᠤᠰᠤᠯᠴᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ︽ᠬᠤᠶᠠᠷ ᠲᠠᠯ᠎ᠠ ᠶᠢᠨ ᠠᠰᠠᠭᠤᠳᠠᠯ︾ ᠢ ᠰᠢᠢᠳᠪᠦᠷᠢᠯᠡᠵᠦ᠂ ︽ᠬᠤᠶᠠᠷ ᠢ ᠠᠬᠢᠭᠤᠯᠬᠤ︾ ᠶᠢ ᠪᠡᠶᠡᠯᠡᠭᠦᠯᠦᠨ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠪᠠ᠃ ᠪᠢᠳᠡ ᠨᠠᠮ ᠤᠨ ᠤᠳᠤᠷᠢᠳᠤᠯᠭ᠎ᠠ ᠶᠢ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ᠂ ᠮᠡᠳᠡᠯᠭᠡ ᠵᠢᠭᠠᠵᠤ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠪᠣᠯᠣᠨ ᠨᠠᠮ ᠤᠨ ᠡᠭᠦᠷ ᠤᠨ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃ ᠪᠢᠳᠡ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠪᠠᠷᠢᠮᠲᠠᠯᠠᠵᠤ᠂ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠬᠠᠤᠯᠢ ᠲᠣᠭᠲᠠᠭᠠᠯ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠦᠨ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠰᠢᠢᠳᠪᠦᠷᠢ ᠶᠣᠰᠣᠭᠠᠷ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠬᠢᠭᠡᠳ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠠᠵᠢᠯ ᠢ ᠪᠦᠬᠦ ᠲᠠᠯ᠎ᠠ ᠪᠠᠷ ᠬᠠᠷᠢᠭᠤᠴᠠᠪᠠ᠃ ᠡᠭᠦᠨ ᠤ ᠬᠠᠮᠲᠤ᠂ ᠪᠢᠳᠡ ︽ᠨᠢᠭᠡ ᠰᠤᠷᠭᠠᠭᠤᠯᠢ ᠳᠤ ᠨᠢᠭᠡ ᠨᠡᠷᠡᠲᠦ ᠲᠡᠮᠳᠡᠭ᠂ ᠨᠢᠭᠡ ᠨᠢᠭᠡᠴᠢ ᠳᠤ ᠨᠢᠭᠡ ᠣᠨᠴᠠᠯᠢᠭ ᠲᠠᠢ︾ ᠪᠠᠶᠢᠯᠭᠠᠬᠤ ᠰᠡᠳᠬᠢᠴᠡ ᠪᠠᠷ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠰᠢᠯᠢᠳᠡᠭᠵᠢᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠣᠨᠴᠠᠯᠢᠭ ᠢ ᠴᠢᠩᠭᠠᠷᠠᠭᠤᠯᠵᠤ᠂ ︽ᠲᠠᠪᠤᠨ ᠣᠨᠴᠠᠯᠢᠭ ᠲᠠᠪᠤ ᠶᠢ ᠠᠭᠤᠰᠤᠯᠴᠠᠭᠤᠯᠬᠤ︾᠂ ︽ᠡᠶ᠎ᠡ ᠨᠠᠶᠢᠷᠠᠮᠳᠠᠭᠤ᠂ ᠣᠯᠠᠨ ᠡᠰᠢᠲᠦ ᠰᠦᠭ ᠰᠦᠨᠡᠰᠦ ᠶᠢ ᠪᠣᠶ ᠪᠣᠯᠭᠠᠬᠤ︾ ᠵᠡᠷᠭᠡ ᠨᠠᠮ ᠤᠨ ᠪᠠᠶᠢᠭᠤᠯᠤᠯᠲᠠ ᠶᠢᠨ 34 ᠨᠠᠷᠠᠲᠤ ᠲᠡᠮᠳᠡᠭ ᠢ ᠡᠭᠦᠳᠦᠨ᠂ ᠬᠤᠲᠠ ᠶᠢᠨ ᠲᠠᠰ ᠤᠨ ︽ᠠᠨᠠᠷ ᠤᠨ ᠦᠷ᠎ᠡ︾ ᠰᠤᠷᠭᠠᠭᠤᠯᠢ ᠶᠢ ᠪᠠᠶᠢᠭᠤᠯᠵᠤ᠂ ᠲᠤᠭᠤᠷᠢᠮ ᠪᠠᠭ᠎ᠠ ᠰᠤᠷᠭᠠᠭᠤᠯᠢ ᠣᠷᠳᠣᠰ ᠬᠤᠲᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨᠬᠦ ᠮᠡᠳᠡᠯᠭᠡ ᠵᠢᠭᠠᠵᠤ ᠬᠥᠮᠥᠨ ᠢ ᠬᠥᠮᠥᠵᠢᠭᠦᠯᠬᠦ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠪᠠ᠃ ᠨᠢᠭᠡ ᠳᠤ ᠨᠠᠮ ᠤᠨ ᠪᠠᠶᠢᠭᠤᠯᠤᠯᠲᠠ ᠪᠠᠷ ᠴᠢᠳᠠᠪᠤᠷᠢᠲᠠᠨ ᠢ ᠬᠥᠮᠥᠵᠢᠭᠦᠯᠬᠦ ᠶᠢ ᠬᠥᠲᠥᠯᠥᠨ ᠵᠢᠯᠣᠭᠤᠳᠤᠭᠤᠯᠵᠤ᠂ ᠣᠲᠤᠭ ᠬᠤᠰᠢᠭᠤᠨ ᠤ ᠴᠢᠳᠠᠪᠤᠷᠢᠲᠠᠨ ᠢ ᠡᠷᠲᠡ ᠢᠯᠡᠷᠡᠭᠦᠯᠬᠦ ᠪᠠ ᠬᠠᠨᠳᠤᠯᠭᠠᠲᠤ ᠴᠢᠨᠠᠷᠲᠠᠢ ᠪᠠᠷ ᠬᠥᠮᠥᠵᠢᠭᠦᠯᠬᠦ ᠠᠵᠢᠯ ᠢ ᠢᠳᠡᠪᠬᠢᠲᠡᠢ ᠥᠷᠨᠢᠭᠦᠯᠦᠨ᠂ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠲᠥᠪ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠰᠢᠯᠢᠳᠡᠭ ᠳᠡᠭᠡᠳᠦ ᠰᠤᠷᠭᠠᠭᠤᠯᠢ ᠲᠠᠢ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠪᠠᠭᠰᠢ ᠶᠢᠨ ᠡᠩᠨᠡᠭᠡ᠂ ᠬᠢᠴᠢᠶᠡᠯ ᠤᠨ ᠰᠢᠰᠲ᠋ᠧᠮ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠣᠨᠴᠠᠯᠢᠭᠲᠤ ᠰᠤᠷᠭᠠᠭᠤᠯᠢ ᠪᠣᠯᠣᠨ ᠬᠡᠦᠬᠡᠳ ᠤᠨ ᠴᠡᠴᠡᠷᠯᠢᠭ ᠢ 21 ᠪᠠᠶᠢᠭᠤᠯᠤᠨ᠂ ᠣᠨᠴᠠᠯᠢᠭᠲᠤ ᠠᠩᠭᠢ ᠶᠢ 19 ᠭᠠᠷᠭᠠᠵᠤ᠂ 1000 ᠭᠠᠷᠤᠢ ᠰᠤᠷᠤᠭᠴᠢᠳ ᠤᠨ ᠠᠪᠢᠶᠠᠰ ᠪᠢᠯᠢᠭ ᠢ ᠡᠷᠲᠡ ᠢᠯᠡᠷᠡᠭᠦᠯᠦᠨ ᠡᠷᠲᠡ ᠬᠥᠮᠥᠵᠢᠭᠦᠯᠵᠦ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠳᠤᠮᠳᠠᠳᠤ ᠥᠨᠳᠥᠷ ᠳᠤᠮᠳᠠᠳᠤ ᠶᠢ ᠨᠢᠭᠡ ᠴᠣᠭᠴᠠᠵᠢᠭᠤᠯᠤᠨ ᠨᠡᠪᠲᠡᠷᠡᠭᠦᠯᠬᠦ ᠮᠠᠶ᠋ᠢᠭ ᠤᠨ ᠬᠥᠮᠥᠵᠢᠭᠦᠯᠬᠦ ᠠᠷᠭ᠎ᠠ ᠶᠢ ᠠᠩᠬ᠎ᠠ ᠠᠯᠬᠤᠮ ᠬᠡᠷᠡᠭᠵᠢᠭᠦᠯᠦᠨ᠂ ᠰᠤᠷᠭᠠᠨ ᠬᠥᠮᠦᠵᠢᠯ ᠢ ᠤᠶᠤᠨ ᠤ ᠬᠥᠮᠦᠵᠢᠯ ᠢ ᠴᠢᠬᠤᠯᠠᠴᠢᠯᠠᠵᠤ ᠪᠠᠶᠢᠭᠰᠠᠨ ᠠᠴᠠ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠬᠤᠶᠠᠷ ᠲᠤ ᠨᠠᠮ ᠤᠨ ᠪᠠᠶᠢᠭᠤᠯᠤᠯᠲᠠ ᠪᠠᠷ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠥᠲᠥᠯᠥᠨ ᠵᠢᠯᠣᠭᠤᠳᠤᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠥᠷᠨᠢᠭᠦᠯᠦᠨ᠂ ᠤᠯᠠᠭᠠᠨᠪᠠᠯᠭᠠᠰᠣᠨ ᠤ ᠳᠤᠮᠳᠠᠳᠤ ᠰᠤᠷᠭᠠᠭᠤᠯᠢ᠂ ᠲᠤᠭᠤᠷᠢᠮ ᠪᠠᠭ᠎ᠠ ᠰᠤᠷᠭᠠᠭᠤᠯᠢ ᠪᠠᠷ ᠲᠤᠷᠰᠢᠯᠲᠠ ᠶᠢᠨ ᠰᠤᠷᠭᠠᠭᠤᠯᠢ ᠪᠣᠯᠭᠠᠵᠤ᠂ ᠪᠠᠷᠠᠭᠤᠨ ᠬᠤᠶᠢᠲᠤ ᠶᠢᠨ ᠬᠢᠴᠢᠶᠡᠯ ᠤᠨ ᠥᠭᠡᠷᠡᠴᠢᠯᠡᠯᠲᠡ ᠶᠢᠨ ᠨᠡᠷᠡᠲᠦ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠳᠠᠷᠤᠭᠠᠰᠤ ᠶᠢ ᠬᠥᠩᠭᠡᠯᠡᠨ ᠶᠠᠰᠤ ᠴᠢᠨᠠᠷ ᠢ ᠳᠡᠭᠡᠭᠰᠢᠯᠡᠭᠦᠯᠪᠡ᠃ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢᠨ ᠨᠡᠷᠡᠳᠦ ᠰᠤᠷᠭᠠᠭᠤᠯᠢ ᠶᠢᠨ ᠰᠣᠳᠣᠨ ᠬᠢᠴᠢᠶᠡᠯ ᠤᠨ ᠪᠥᠬᠦ ᠤᠯᠤᠰ ᠤᠨ ᠲᠣᠭᠤᠷᠢᠨ ᠦᠵᠡᠭᠦᠯᠭᠡ︾ ᠶᠢᠨ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠢ ᠥᠭᠡᠷᠡᠴᠢᠯᠡᠭᠡᠳ ᠣᠯᠣᠭᠰᠠᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠪᠡ︔ ︽ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ︿ᠭᠤᠷᠪᠠ ᠶᠢ ᠰᠤᠷᠤᠯᠴᠠᠵᠤ ᠭᠤᠷᠪᠠ ᠶᠢ ᠦᠵᠡᠬᠦ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠲᠥᠷᠥ ᠶᠢᠨ ᠪᠣᠳᠣᠯᠭ᠎ᠠ ᠶᠢ ᠰᠤᠷᠤᠯᠴᠠᠬᠤ᠂ ᠬᠢᠴᠢᠶᠡᠯ ᠤᠨ ᠪᠠᠷᠢᠮᠵᠢᠶ᠎ᠠ ᠶᠢ ᠰᠤᠷᠤᠯᠴᠠᠬᠤ᠂ ᠵᠢᠭᠠᠬᠤ ᠮᠠᠲ᠋ᠧᠷᠢᠶᠠᠯ ᠢ ᠰᠤᠷᠤᠯᠴᠠᠬᠤ᠂ ᠬᠢᠴᠢᠶᠡᠯ ᠪᠡᠯᠡᠳᠬᠡᠬᠦ ᠶᠢ ᠦᠵᠡᠬᠦ᠂ ᠬᠢᠴᠢᠶᠡᠯ ᠤᠨ ᠲᠠᠩᠬᠢᠮ ᠢ ᠦᠵᠡᠬᠦ᠂ ᠳᠠᠰᠬᠠᠯ ᠦᠵᠡᠬᠦ︾ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠ ᠳᠤ ᠨᠠᠮ ᠤᠨ ᠪᠠᠶᠢᠭᠤᠯᠤᠯᠲᠠ ᠪᠠᠷ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠬᠥᠲᠥᠯᠥᠨ ᠵᠢᠯᠣᠭᠤᠳᠤᠭᠤᠯᠵᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ︽ᠵᠠᠭᠤ ᠮᠢᠩᠭ᠎ᠠ ᠲᠦᠮᠡ ᠶᠢᠨ ᠲᠥᠯᠥᠪᠯᠡᠭᠡ︾᠂ ᠠᠷᠠᠳ ᠤᠨ ᠶᠣᠰᠣ ᠰᠤᠷᠲᠠᠬᠤᠨ ᠤ ᠬᠥᠮᠦᠵᠢᠯ ᠤᠨ ᠲᠤᠭ᠎ᠠ ᠪᠠᠷᠢᠮᠲᠠ ᠶᠢᠨ ᠲᠥᠪ ᠤᠨ ︽ᠵᠠᠭᠤᠨ ᠬᠤᠳᠠ ᠲᠦᠮᠡᠨ ᠰᠤᠷᠭᠠᠭᠤᠯᠢ ᠶᠢᠨ ᠠᠵᠢᠯᠯᠠᠭ᠎ᠠ︾ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠨᠡ ᠬᠤᠶᠠᠷ ᠲᠦᠷᠦᠯ ᠵᠦᠢᠯ ᠢ ᠠᠩᠬ᠎ᠠ ᠤᠳᠠᠭ᠎ᠠ ᠬᠠᠮᠲᠤᠷᠠᠯᠴᠠᠭᠰᠠᠨ ᠬᠤᠰᠢᠭᠤ ᠰᠢᠶᠠᠨ ᠪᠣᠯᠵᠤ᠂ ᠲᠡᠰ ᠳᠠᠪᠬᠤᠷᠭ᠎ᠠ ᠲᠦᠷᠦᠯ ᠬᠤᠪᠢᠶᠠᠨ ᠪᠠᠭᠰᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠥᠷᠨᠢᠭᠦᠯᠪᠡ︔ ᠱᠠᠩᠬᠠᠢ ᠶᠢᠨ ᠵᠢᠶᠠᠨ ᠫᠢᠩ ᠳᠤᠮᠳᠠᠳᠤ ᠰᠤᠷᠭᠠᠭᠤᠯᠢ ᠶᠢᠨ ᠤᠤᠯ ᠤᠨ ᠵᠠᠬᠢᠷᠤᠯ ᠹᠸᠡᠭ ᠧᠨ ᠬᠤᠩ ᠢ ᠤᠳᠤᠭ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠪᠠᠷ ᠤᠷᠢᠵᠤ᠂ ᠥᠨᠳᠥᠷ ᠳᠤᠮᠳᠠᠳᠤ ᠶᠢᠨ ᠶᠢᠰᠦᠨ ᠶᠡᠭᠡ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠵᠢᠩᠬᠢᠨᠢ ᠳᠡᠭᠡᠳᠦ ᠵᠡᠷᠭᠡ᠂ ᠣᠨᠴᠠ ᠳᠡᠰ ᠤᠨ ᠪᠠᠭᠰᠢ ᠶᠢ ᠤᠷᠢᠵᠤ ᠲᠤᠰᠬᠠᠢ ᠮᠡᠷᠭᠡᠵᠢᠯᠲᠡᠨ ᠤ ᠵᠥᠪᠯᠡᠯ ᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯᠲᠡᠨ ᠢᠶᠠᠷ ᠲᠣᠮᠢᠯᠠᠨ᠂ ᠪᠠᠶᠢᠩᠭᠤ ᠶᠢᠨ ᠵᠢᠭᠠᠨ ᠰᠤᠷᠭᠠᠯᠲᠠ ᠶᠢᠨ ᠪᠠᠶᠢᠩᠭᠤ ᠶᠢᠨ ᠵᠢᠯᠤᠭᠤᠳᠤᠯᠭ᠎ᠠ ᠬᠢᠯᠭᠡᠵᠦ᠂ ᠪᠠᠭᠰᠢ ᠶᠢᠨ ᠲᠦᠪᠰᠢᠨ ᠢ ᠳᠡᠭᠡᠭᠰᠢᠯᠡᠭᠦᠯᠦᠨ᠂ ᠰᠤᠷᠤᠭᠴᠢᠳ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠪᠡ᠃       ᠪᠢᠳᠡ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠰᠤᠷᠭᠠᠨ ᠬᠥᠮᠦᠵᠢᠯ ᠤᠨ ᠠᠷᠪᠠᠨ ᠶᠠᠪᠤᠳᠠᠯ︾ ᠢ ᠯᠠᠪᠳᠠᠭᠤᠨ ᠪᠠᠲᠤᠲᠠᠢ ᠠᠬᠢᠭᠤᠯᠤᠨ᠂ ᠰᠤᠷᠭᠠᠨ ᠬᠥᠮᠦᠵᠢᠯ ᠤᠨ ᠬᠥᠭᠵᠢᠯᠲᠡ ᠪᠠᠷ ᠣᠷᠣᠨ ᠪᠦᠰᠡ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠳᠡᠮᠵᠢᠪᠡ᠃ ᠪᠥᠬᠦ ᠬᠤᠰᠢᠭᠤᠨ ᠤ ᠳᠤᠮᠳᠠ ᠪᠠ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠨᠡᠯᠢᠶᠡᠳ ᠶᠡᠭᠡ ᠳᠡᠭᠡᠭᠰᠢᠯᠡᠵᠦ᠂ ᠪᠥᠬᠦ ᠬᠤᠲᠠ ᠶᠢᠨ ᠪᠠᠶᠢᠷᠢ ᠰᠠᠭᠤᠷᠢ ᠶᠡᠭᠡ ᠬᠡᠮᠵᠢᠶ᠎ᠡ ᠪᠠᠷ ᠳᠡᠭᠡᠭᠰᠢᠯᠡᠨ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠳᠤ ᠣᠲᠤᠭ ᠬᠤᠰᠢᠭᠤᠨ ᠳᠤ ᠰᠤᠷᠤᠯᠴᠠᠭᠰᠠᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠵᠦ᠂ ᠡᠷᠬᠢᠨ ᠲᠣᠭᠤᠷᠢᠨ ᠤ ᠭᠠᠵᠠᠷ ᠣᠷᠣᠨ ᠤ 500 ᠰᠢᠬᠠᠮ ᠰᠣᠷᠣᠭᠴᠢ ᠶᠢ ᠣᠲᠤᠭ ᠬᠤᠰᠢᠭᠤᠨ ᠳᠤ ᠰᠤᠷᠤᠯᠴᠠᠭᠤᠯᠤᠭᠰᠠᠨ ᠪᠥᠭᠡᠳ ᠬᠥᠮᠥᠨ ᠤ ᠲᠤᠭ᠎ᠠ ᠨᠢ ᠴᠦ ᠵᠢᠯ ᠳᠠᠷᠠᠭᠠᠯᠠᠨ ᠨᠡᠮᠡᠭᠳᠡᠪᠡ᠃ 2025 ᠣᠨ ᠳᠤ᠂ ᠣᠲᠤᠭ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠲᠦᠷᠦᠭᠦᠸ ᠵᠢᠯ ᠤᠨ ᠬᠢ ᠠᠴᠠ 1088 ᠬᠥᠮᠥᠨ ᠨᠡᠮᠡᠭᠳᠡᠪᠡ᠃       ᠬᠥᠲᠥᠯᠥᠭᠴᠢ᠄ ᠤᠷᠤᠨ ᠨᠤᠲᠤᠭ ᠤᠨ ᠡᠬᠢ ᠪᠠᠶᠠᠯᠢᠭ ᠬᠢᠭᠡᠳ ᠰᠣᠶᠣᠯ ᠪᠣᠯ ᠬᠥᠮᠥᠨ ᠢ ᠬᠥᠮᠥᠵᠢᠭᠦᠯᠬᠦ ᠴᠢᠬᠤᠯᠠ ᠡᠬᠢ ᠪᠠᠶᠠᠯᠢᠭ ᠮᠥᠨ᠃ ᠲᠡᠭᠡᠪᠡᠯ ᠲᠠ ᠨᠠᠷ ᠣᠷᠣᠨ ᠨᠤᠲᠤᠭ ᠤᠨ ᠡᠬᠢ ᠪᠠᠶᠠᠯᠢᠭ ᠪᠣᠯᠣᠨ ᠰᠣᠶᠣᠯ ᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠳᠤ ᠬᠡᠷᠬᠢᠨ ᠠᠭᠤᠰᠤᠯᠴᠠᠭᠤᠯᠤᠭᠰᠠᠨ ᠪᠣᠶ︖       ᠱᠢ ᠶᠦᠩ ᠹᠧᠩ᠄ ᠣᠲᠤᠭ ᠬᠤᠰᠢᠭᠤᠨ ᠳᠤ ᠡᠯᠪᠡᠭ ᠪᠠᠶᠠᠯᠢᠭ ᠪᠠᠶᠢᠭᠠᠯᠢᠯᠢᠭ ᠪᠡᠯᠴᠢᠭᠡᠷ ᠲᠠᠢ᠂ ᠪᠢᠳᠡ ᠪᠠᠶᠢᠭᠠᠯᠢᠯᠢᠭ ᠪᠡᠯᠴᠢᠭᠡᠷ ᠪᠣᠯᠣᠨ ᠣᠷᠣᠨ ᠨᠤᠲᠤᠭ ᠤᠨ ᠣᠨᠴᠠᠯᠢᠭᠲᠤ ᠰᠣᠶᠣᠯ ᠤᠯᠠᠮᠵᠢᠯᠠᠯ ᠳᠤ ᠲᠦᠰᠢᠭᠯᠡᠨ᠂ ᠶᠣᠰᠣ ᠰᠤᠷᠲᠠᠬᠤᠨ ᠤ ᠬᠥᠮᠦᠵᠢᠯ ᠬᠢᠭᠡᠳ ᠣᠷᠣᠨ ᠨᠤᠲᠤᠭ ᠤᠨ ᠡᠬᠢ ᠪᠠᠶᠠᠯᠢᠭ ᠤᠨ ᠠᠭᠤᠰᠤᠯᠴᠠᠯ ᠢ ᠬᠠᠶᠢᠨ ᠰᠦᠪᠡᠭᠴᠢᠯᠡᠪᠡ᠃ ᠰᠤᠷᠭᠠᠭᠤᠯᠢ ᠨᠤᠭᠤᠳ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠰᠤᠷᠭᠠᠭᠤᠯᠢ ᠶᠢᠨ ᠬᠢᠴᠢᠶᠡᠯ ᠳᠡᠭᠡᠨ ᠣᠷᠣᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢᠨ ᠳᠤᠮᠳᠠᠬᠢ ᠰᠢᠨᠲᠠᠷᠠᠰᠢ ᠦᠭᠡᠢ ᠵᠣᠷᠢᠭ ᠰᠠᠨᠠᠭ᠎ᠠ ᠪᠠ ᠬᠠᠷᠠᠮ ᠦᠭᠡᠢ ᠵᠣᠷᠢᠭᠤᠯᠬᠤ ᠵᠡᠷᠭᠡ ᠵᠣᠷᠢᠭ ᠰᠠᠨᠠᠭ᠎ᠠ ᠲᠠᠢ ᠤᠶᠠᠯᠳᠤᠭᠤᠯᠤᠨ ᠥᠷᠲᠡᠭ ᠤᠨ ᠦᠵᠡᠯᠲᠡ ᠶᠢᠨ ᠬᠥᠮᠦᠵᠢᠯ ᠢ ᠥᠷᠨᠢᠭᠦᠯᠪᠡ︔ ᠰᠤᠷᠤᠭᠴᠢᠳ ᠢ ᠵᠣᠬᠢᠶᠠᠨ ᠪᠠᠶᠢᠭᠤᠯᠤᠨ ᠮᠣᠳᠣ ᠳᠠᠷᠢᠵᠤ ᠡᠯᠡᠰᠦ ᠶᠢ ᠲᠣᠭᠲᠠᠪᠤᠷᠢᠵᠢᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠪᠠ︔ ᠰᠣᠶᠣᠯ ᠤᠨ ᠪᠤᠰᠤ ᠥᠪ ᠢ ᠰᠤᠷᠭᠠᠭᠤᠯᠢ ᠶᠢᠨ ᠬᠦᠷᠢᠶᠡᠨ ᠳᠤ ᠤᠯᠠᠮᠵᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠤᠷᠲᠤ ᠶᠢᠨ ᠳᠠᠭᠤᠤ᠂ ᠮᠣᠷᠢᠨ ᠬᠤᠭᠤᠷ ᠤᠨ ᠤᠷᠠᠯᠢᠭ ᠤᠨ ᠤᠯᠠᠮᠵᠢᠯᠠᠭᠴᠢ ᠶᠢ ᠤᠷᠢᠵᠤ  ᠦᠵᠡᠭᠦᠯᠭᠡ ᠶᠢᠨ ᠵᠢᠭᠠᠨ ᠰᠤᠷᠭᠠᠯᠲᠠ ᠬᠢᠯᠭᠡᠵᠦ᠂ ᠦᠨᠳᠦᠰᠦᠲᠡᠨ ᠤ ᠰᠣᠶᠣᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠡᠭᠦᠨ ᠤ ᠬᠠᠮᠲᠤ᠂ ᠨᠠᠭᠠᠳᠤᠮ ᠤᠨ ᠬᠤᠷᠠᠯ ᠳᠡᠭᠡᠷᠡᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠠᠰᠢᠭᠯᠠᠨ᠂ ᠰᠤᠷᠤᠭᠴᠢᠳ ᠤᠨ ᠡᠷᠬᠡ ᠲᠡᠭᠰᠢ ᠪᠠᠷ ᠮᠥᠷᠥᠶᠢᠴᠡᠬᠦ ᠪᠠ ᠪᠦᠯᠬᠦᠮ ᠨᠡᠶᠢᠲᠡ ᠶᠢᠨ ᠬᠠᠮᠵᠢᠯᠴᠠᠬᠤ ᠤᠬᠠᠮᠰᠠᠷ ᠢ ᠬᠥᠮᠥᠵᠢᠭᠦᠯᠪᠡ᠃ ᠡᠭᠦᠨ ᠠᠴᠠ ᠭᠠᠳᠠᠨ᠎ᠠ᠂ ᠪᠢᠳᠡ ᠪᠠᠰᠠ ᠲᠣᠰ ᠣᠷᠣᠨ ᠨᠤᠲᠤᠭ ᠤᠨ ᠢᠶᠠᠨ ᠠᠮᠢ ᠠᠬᠤᠢ ᠶᠢᠨ ᠪᠣᠯᠪᠠᠰᠤᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠠᠮᠢ ᠠᠬᠤᠢ ᠶᠢᠨ ᠪᠣᠯᠪᠠᠰᠤᠨ ᠤ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠪᠠ᠃ ᠡᠯ᠎ᠡ ᠰᠤᠷᠭᠠᠭᠤᠯᠢ  ᠶᠢᠨ ᠬᠢᠨ ︽ᠯᠧᠢ ᠹᠧᠩ  ᠠᠴᠠ ᠲᠠᠭᠠᠨ ᠰᠤᠷᠤᠯᠴᠠᠬᠤ ᠳᠤᠷᠠᠰᠬᠠᠯ ᠤᠨ ᠡᠳᠦᠷ︾᠂ ︽ᠮᠣᠳᠣ ᠳᠠᠷᠢᠬᠤ ᠡᠳᠦᠷ︾᠂ ︽ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠲᠣᠬᠢᠶᠠᠯᠳᠤᠭᠤᠯᠤᠨ᠂ ᠪᠠᠶᠢᠭᠠᠯᠢ ᠶᠢᠨ ᠠᠮᠢ ᠠᠬᠤᠢ ᠪᠠᠷ ᠬᠢᠴᠢᠶᠡᠯ ᠤᠨ ᠲᠠᠩᠬᠢᠮ ᠪᠣᠯᠭᠠᠵᠤ᠂ ᠣᠯᠠᠨ ᠬᠡᠯᠪᠡᠷᠢ  ᠶᠢᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠵᠠᠷᠢᠮ ᠰᠤᠷᠭᠠᠭᠤᠯᠢ ᠪᠠᠰᠠ ᠣᠷᠣᠨ ᠨᠤᠲᠤᠭ ᠤᠨ ᠡᠬᠢ ᠪᠠᠶᠠᠯᠢᠭ ᠢᠶᠠᠨ ᠭᠦᠢᠴᠡᠳ ᠠᠰᠢᠭᠯᠠᠨ᠂ ᠰᠣᠩᠭᠢᠨ᠎ᠠ᠂ ᠲᠥᠪᠡᠳ ᠬᠠᠰᠢ᠂ ᠲᠠᠷᠪᠤᠰ᠂ ᠡᠷᠳᠡᠨᠢ ᠰᠢᠰᠢ᠂ ᠥᠷᠭᠡᠰᠦᠲᠦ ᠨᠣᠭᠤᠭ᠎ᠠ ᠵᠡᠷᠭᠡ ᠲᠠᠷᠢᠮᠠᠯ ᠢ ᠳᠠᠷᠢᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠯᠮᠦᠷᠢ ᠶᠢᠨ ᠦᠵᠡᠯᠲᠡ ᠲᠠᠢ ᠪᠣᠯᠭᠠᠨ᠂ ᠬᠥᠳᠡᠯᠮᠦᠷᠢ ᠶᠢᠨ ᠳᠠᠳᠬᠠᠯ ᠢ ᠪᠤᠢ ᠪᠣᠯᠭᠠᠪᠠ᠃ ᠪᠦᠷᠢᠳᠬᠡᠯ ᠢ ᠦᠨᠳᠦᠰᠦᠯᠡᠪᠡᠯ᠂ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠣᠳᠣᠬᠠᠨ ᠳᠤ ︽ᠲᠠᠷᠢᠮᠠᠯ ᠤᠨ ᠬᠦᠷᠢᠶᠡᠯᠡᠩ︾᠂ ︽ᠵᠢᠵᠢᠭ ᠲᠠᠷᠢᠶᠠᠯᠠᠩ ᠤᠨ ᠲᠠᠯᠠᠪᠠᠶ︾᠂ ︽ᠠᠮᠢ ᠠᠬᠤᠢ ᠶᠢᠨ ᠬᠦᠷᠢᠶᠡᠯᠡᠩ︾ ᠵᠡᠷᠭᠡ 14 ᠬᠥᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃       ᠬᠥᠲᠥᠯᠥᠭᠴᠢ᠄ ︽ᠲᠠᠪᠤᠨ ᠬᠥᠮᠦᠵᠢᠯ︾ ᠢ ᠵᠡᠷᠭᠡᠪᠡᠷ ᠡᠷᠬᠢᠮᠯᠡᠬᠦ ᠨᠢ ᠨᠢᠭᠡᠨᠲᠡ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠬᠠᠨᠳᠤᠰᠢ ᠪᠣᠯᠵᠠᠢ᠃ ᠲᠡᠭᠡᠪᠡᠯ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ ᠳᠣᠣᠷ᠎ᠠ᠂ ᠡᠷᠬᠢᠮ ᠲᠣᠪᠴᠢᠶ᠎ᠠ ᠶᠣᠰᠣ ᠰᠤᠷᠲᠠᠬᠤᠨ ᠤ ᠬᠥᠮᠦᠵᠢᠯ ᠬᠢᠭᠡᠳ ᠣᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠤᠨ ᠣᠷᠭᠠᠨᠢᠭ ᠤᠶᠠᠯᠳᠤᠯ ᠢ ᠬᠡᠷᠬᠢᠨ ᠪᠡᠶᠡᠯᠡᠭᠦᠯᠦᠭᠰᠡᠨ ᠪᠣᠶ︖       ᠱᠢ ᠶᠦᠩ ᠹᠧᠩ᠄ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢᠨ ᠠᠬᠤᠢ ᠪᠠᠶᠢᠳᠠᠯ ᠳᠣᠣᠷ᠎ᠠ᠂ ᠪᠢᠳᠡ ︽ᠲᠠᠪᠤᠨ ᠬᠥᠮᠦᠵᠢᠯ︾ ᠢ ᠵᠡᠷᠭᠡᠪᠡᠷ ᠠᠳᠬᠤᠬᠤ ᠶᠢ ᠢᠳᠡᠪᠬᠢᠲᠡᠢ ᠠᠬᠢᠭᠤᠯᠵᠤ᠂ ᠶᠣᠰᠣ ᠰᠤᠷᠲᠠᠬᠤᠨ ᠤ ᠬᠥᠮᠦᠵᠢᠯ ᠬᠢᠭᠡᠳ ᠪᠤᠰᠤᠳ ᠡᠯ᠎ᠡ ᠬᠥᠮᠦᠵᠢᠯ ᠤᠨ ᠣᠷᠭᠠᠨᠢᠭ ᠤᠶᠠᠯᠳᠤᠯ ᠢ ᠴᠢᠷᠮᠠᠶᠢᠨ ᠪᠡᠶᠡᠯᠡᠭᠦᠯᠵᠦ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠶᠣᠰᠣ ᠰᠤᠷᠲᠠᠬᠤᠨ ᠤ ᠬᠥᠮᠦᠵᠢᠯ ᠪᠣᠯᠣᠨ ᠤᠶᠤᠨ ᠤ ᠬᠥᠮᠦᠵᠢᠯ ᠢ ᠠᠭᠤᠰᠤᠯᠴᠠᠭᠤᠯᠬᠤ ᠲᠠᠯ᠎ᠠ ᠪᠠᠷ᠂ ᠪᠢᠳᠠ ᠬᠢᠴᠢᠶᠡᠯ ᠲᠦᠷᠦᠯ ᠤᠨ ᠶᠣᠰᠣ ᠰᠤᠷᠲᠠᠬᠤᠨ ᠤ ᠬᠥᠮᠦᠵᠢᠯ ᠢ ᠴᠢᠬᠤᠯᠠᠴᠢᠯᠠᠵᠤ᠂ ᠪᠠᠭᠰᠢ ᠨᠠᠷ ᠢ ᠵᠢᠭᠠᠨ ᠰᠤᠷᠭᠠᠯᠲᠠ ᠶᠢᠨ ᠶᠠᠪᠤᠴᠠ ᠳᠤ ᠪᠠᠨ ᠬᠢᠴᠢᠶᠡᠯ ᠲᠦᠷᠦᠯ ᠤᠨ ᠮᠡᠳᠡᠯᠭᠡ ᠳᠣᠲᠣᠷᠠᠬᠢ ᠶᠣᠰᠣ ᠰᠤᠷᠲᠠᠬᠤᠨ ᠤ ᠬᠥᠮᠦᠵᠢᠯ ᠢ ᠭᠦᠨᠵᠡᠭᠡᠢ ᠠᠭᠤᠳᠠᠯᠤᠨ᠂ ᠶᠣᠰᠣ ᠰᠤᠷᠲᠠᠬᠤᠨ ᠤ ᠬᠥᠮᠦᠵᠢᠯ ᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠨᠡᠪᠴᠢᠭᠦᠯᠬᠦ ᠶᠢ ᠱᠠᠭᠠᠷᠳᠠᠪᠠ᠃ ᠡᠭᠦᠨ ᠠᠴᠠ ᠭᠠᠳᠠᠨ᠎ᠠ᠂ ᠪᠢᠳᠡ ᠪᠠᠰᠠ ᠪᠠᠶᠠᠯᠢᠭ ᠰᠠᠶᠢᠬᠠᠨ ᠰᠢᠨᠵᠢᠯᠡᠭᠡᠨ ᠤ ᠰᠠᠯᠠᠭ᠎ᠠ ᠶᠢᠨ ᠤᠷᠤᠯᠳᠤᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠮᠡᠳᠡᠯᠭᠡ ᠶᠢᠨ ᠬᠢᠷᠢ ᠬᠡᠮᠵᠢᠶ᠎ᠡ ᠪᠣᠯᠣᠨ ᠰᠡᠳᠬᠢᠬᠦᠢ ᠶᠢᠨ ᠴᠢᠳᠠᠪᠤᠷᠢ ᠶᠢ ᠳᠡᠭᠡᠭᠰᠢᠯᠡᠭᠦᠯᠦᠭᠰᠡᠨ ᠪᠦᠭᠡᠳ ᠰᠤᠷᠤᠭᠴᠢᠳ ᠤᠨ ᠥᠷᠢᠰᠦᠯᠳᠦᠬᠦ ᠤᠬᠠᠮᠰᠠᠷ᠂ ᠬᠠᠮᠲᠤᠷᠠᠯᠴᠠᠬᠤ ᠵᠣᠷᠢᠭ ᠰᠠᠨᠠᠭ᠎ᠠ ᠪᠠ ᠬᠠᠷᠢᠭᠤᠴᠠᠯᠭᠠᠲᠤ ᠰᠡᠳᠬᠢᠯᠭᠡ ᠶᠢ ᠬᠥᠮᠥᠵᠢᠭᠦᠯᠪᠡ᠃ ᠶᠣᠰᠣ ᠰᠤᠷᠲᠠᠬᠤᠨ ᠤ ᠬᠥᠮᠦᠵᠢᠯ ᠪᠣᠯᠣᠨ ᠪᠡᠶ᠎ᠡ ᠶᠢᠨ ᠲᠠᠮᠢᠷ ᠢ ᠠᠭᠤᠰᠤᠯᠴᠠᠭᠤᠯᠬᠤ ᠲᠠᠯ᠎ᠠ ᠪᠠᠷ᠂ ᠪᠢᠳᠡ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠠᠴᠢᠶᠠᠯᠠᠪᠤᠷᠢ ᠪᠣᠯᠭᠠᠵᠤ᠂ ᠰᠤᠷᠤᠭᠴᠢᠳ ᠤᠨ ᠵᠣᠷᠢᠭ ᠰᠠᠨᠠᠭ᠎ᠠ ᠵᠠᠩ ᠴᠢᠨᠠᠷ ᠪᠣᠯᠣᠨ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠴᠢᠬᠤᠯᠠᠴᠢᠯᠠᠨ ᠬᠥᠮᠥᠵᠢᠭᠦᠯᠪᠡ᠃ ᠵᠢᠱᠢᠶᠡᠯᠡᠪᠡᠯ᠂ ᠪᠢᠳᠡ ︽ᠨᠢᠭᠡᠳᠦᠭᠡᠷ ᠬᠢᠴᠢᠶᠡᠯ ᠣᠷᠣᠬᠤ ᠠᠴᠠ ᠡᠮᠦᠨᠡᠬᠢ ᠪᠡᠶ᠎ᠡ ᠶᠢᠨ ᠲᠠᠮᠢᠷ︾ ᠢ ᠵᠣᠬᠢᠶᠠᠨ ᠪᠠᠶᠢᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠡᠶ᠎ᠡ ᠮᠠᠬᠠᠪᠤᠳ ᠢ ᠨᠢ ᠳᠠᠪᠲᠠᠨ ᠪᠣᠯᠪᠠᠰᠤᠷᠠᠭᠤᠯᠤᠨ᠂ ᠨᠡᠩ ᠰᠠᠶᠢᠨ ᠪᠠᠶᠢᠳᠠᠯ ᠲᠠᠢ ᠪᠠᠷ ᠰᠤᠷᠤᠯᠴᠠᠬᠤ ᠪᠣᠯᠭᠠᠪᠠ︔ ᠬᠥᠯ ᠪᠥᠮᠪᠦᠭᠡ ᠶᠢᠨ ᠭᠠᠷᠠᠭ ᠤᠨ ᠰᠡᠭᠦᠯᠴᠢ ᠶᠢᠨ ᠬᠤᠯᠪᠣᠭᠠᠲᠤ ᠤᠷᠤᠯᠳᠤᠭᠠᠨ᠂ ᠰᠠᠭᠰᠤᠨ ᠪᠥᠮᠪᠦᠭᠡ ᠶᠢᠨ ᠤᠷᠤᠯᠳᠤᠭᠠᠨ᠂ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠢ ᠡᠷᠭᠢᠯᠡᠵᠦ᠂ ᠰᠤᠷᠤᠭᠴᠢᠳ ᠲᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠣᠶᠢᠯᠠᠭᠠᠭᠤᠯᠬᠤ ᠶᠢᠨ ᠬᠠᠮᠲᠤ᠂ ᠳᠦᠷᠢᠮ ᠲᠣᠭᠲᠠᠭᠠᠯ ᠢ ᠵᠢᠷᠤᠮᠯᠠᠬᠤ᠂ ᠥᠷᠢᠰᠦᠯᠳᠦᠬᠦ ᠡᠲᠡᠭᠡᠳ ᠢᠶᠠᠨ ᠬᠦᠨᠳᠦᠳᠬᠡᠬᠦ᠂ ᠪᠦᠯᠬᠦᠮᠳᠡᠨ ᠬᠠᠮᠵᠢᠯᠴᠠᠬᠤ ᠶᠢ ᠰᠤᠷᠭᠠᠵᠤ᠂ ᠰᠢᠨᠲᠠᠷᠠᠰᠢ ᠦᠭᠡᠢ ᠵᠣᠷᠢᠭ ᠰᠠᠨᠠᠭ᠎ᠠ ᠵᠠᠩ ᠴᠢᠨᠠᠷ ᠢ ᠳᠠᠪᠲᠠᠨ ᠪᠣᠯᠪᠠᠰᠤᠷᠠᠭᠤᠯᠪᠠ᠃ ᠶᠣᠰᠣ ᠰᠤᠷᠲᠠᠬᠤᠨ ᠤ ᠬᠥᠮᠦᠵᠢᠯ ᠪᠣᠯᠣᠨ ᠭᠤᠸ᠎ᠠ ᠰᠠᠶᠢᠬᠠᠨ ᠤ ᠬᠥᠮᠦᠵᠢᠯ ᠢ ᠠᠭᠤᠰᠤᠯᠴᠠᠭᠤᠯᠬᠤ ᠲᠠᠯ᠎ᠠ ᠪᠠᠷ᠂ ᠪᠢᠳᠡ ᠴᠢᠩᠬᠤᠸᠠ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠲᠥᠪ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠡᠩᠨᠡᠭᠡ ᠪᠠ ᠬᠢᠴᠢᠶᠡᠯ ᠤᠨ ᠰᠢᠰᠲ᠋ᠧᠮ ᠢ ᠣᠷᠣᠭᠤᠯᠤᠨ ᠠᠪᠴᠢᠷᠠᠵᠤ᠂ ᠤᠷᠠᠯᠢᠭ ᠤᠨ ᠬᠥᠮᠦᠵᠢᠯ ᠢ ᠶᠡᠬᠡᠪᠡᠷ ᠬᠢᠪᠡ᠃ ᠪᠢᠳᠡ ᠰᠤᠷᠤᠭᠴᠢᠳ ᠢ ᠵᠣᠬᠢᠶᠠᠨ ᠪᠠᠶᠢᠭᠤᠯᠤᠨ ᠤᠷᠠᠯᠢᠭ ᠤᠨ ᠦᠵᠡᠰᠬᠦᠯᠡᠩ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠰᠤᠷᠤᠭᠴᠢᠳ ᠢ ᠭᠤᠸ᠎ᠠ ᠰᠠᠶᠢᠬᠠᠨ ᠢ ᠰᠣᠨᠢᠷᠬᠠᠬᠤ᠂ ᠭᠤᠸ᠎ᠠ ᠰᠠᠶᠢᠬᠠᠨ ᠢ ᠡᠭᠦᠳᠦᠨ ᠪᠦᠲᠦᠭᠡᠬᠦ ᠶᠠᠪᠤᠴᠠ ᠳᠤ ᠭᠤᠸ᠎ᠠ ᠲᠠᠭᠠᠰᠢᠶᠠᠯ ᠤᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠂ ᠦᠵᠡᠯ ᠰᠡᠳᠬᠢᠯᠭᠡ ᠶᠢ ᠨᠢ ᠪᠣᠯᠪᠠᠰᠤᠷᠠᠭᠤᠯᠵᠤ᠂ ᠢᠳᠡᠪᠬᠢᠲᠡᠢ ᠥᠭᠡᠳᠡᠷᠬᠡᠭ ᠠᠮᠢᠳᠤᠷᠠᠯ ᠤᠨ ᠣᠪᠣᠷ ᠪᠠ ᠰᠠᠶᠢᠨ ᠰᠠᠶᠢᠬᠠᠨ ᠶᠣᠰᠣ ᠮᠣᠷᠠᠯ ᠵᠠᠩ ᠴᠢᠨᠠᠷ ᠢ ᠨᠢ ᠬᠥᠮᠥᠵᠢᠭᠦᠯᠪᠡ᠃ ᠶᠣᠰᠣ ᠰᠤᠷᠲᠠᠬᠤᠨ ᠤ ᠬᠥᠮᠦᠵᠢᠯ ᠪᠣᠯᠣᠨ ᠬᠥᠳᠡᠯᠮᠦᠷᠢ ᠶᠢᠨ ᠬᠥᠮᠦᠵᠢᠯ ᠢ ᠠᠭᠤᠰᠤᠯᠴᠠᠭᠤᠯᠬᠤ ᠲᠠᠯ᠎ᠠ ᠪᠠᠷ᠂ ᠪᠢᠳᠡ ᠰᠤᠷᠤᠭᠴᠢᠳ ᠤᠨ ᠬᠥᠳᠡᠯᠮᠦᠷᠢ ᠶᠢᠨ ᠤᠬᠠᠮᠰᠠᠷ ᠪᠠ ᠬᠥᠳᠡᠯᠮᠦᠷᠢ ᠶᠢᠨ ᠳᠠᠳᠬᠠᠯ ᠢ ᠴᠢᠬᠤᠯᠠᠴᠢᠯᠠᠨ  ᠬᠥᠮᠥᠵᠢᠭᠦᠯᠪᠡ᠃ ᠪᠢᠳᠡ ᠳᠤᠮᠳᠠᠳᠤ ᠪᠠᠭ᠎ᠠ ᠰᠤᠷᠭᠠᠭᠤᠯᠢ ᠨᠤᠭᠤᠳ ᠢ ᠰᠤᠷᠭᠠᠭᠤᠯᠢ ᠶᠢᠨ ᠤᠳᠤ ᠶᠢᠨ ᠪᠠᠶᠢᠭ᠎ᠠ ᠡᠬᠢ ᠪᠠᠶᠠᠯᠢᠭ ᠢ ᠢᠳᠡᠪᠬᠢᠲᠡᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠳᠣᠲᠣᠷ᠎ᠠ᠂ ᠰᠤᠷᠭᠠᠭᠤᠯᠢ ᠶᠢᠨ ᠭᠠᠳᠠᠨᠠᠬᠢ ᠬᠥᠳᠡᠯᠮᠦᠷᠢ ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ᠂ ᠲᠤᠰ ᠪᠡᠶ᠎ᠡ ᠶᠢᠨ ᠪᠣᠳᠠᠲᠤ ᠪᠠᠶᠢᠳᠠᠯ ᠬᠢᠭᠡᠳ ᠰᠤᠷᠭᠠᠭᠤᠯᠢ ᠡᠷᠬᠢᠯᠡᠬᠦ ᠣᠨᠴᠠᠯᠢᠭ ᠲᠤ ᠨᠡᠶᠢᠴᠡᠭᠰᠡᠨ ᠬᠥᠳᠡᠯᠮᠦᠷᠢ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠶᠢ ᠱᠠᠭᠠᠷᠳᠠᠪᠠ᠃       ᠬᠥᠲᠥᠯᠥᠭᠴᠢ᠄ ᠰᠤᠷᠤᠭᠴᠢᠳ ᠤᠨ ᠪᠡᠶ᠎ᠡ ᠮᠠᠬᠠᠪᠤᠳ ᠪᠠ ᠰᠡᠳᠬᠢᠴᠡ ᠶᠢᠨ ᠡᠷᠡᠭᠦᠯ ᠢᠶᠠᠷ ᠬᠥᠭᠵᠢᠬᠦ ᠪᠣᠯ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠮᠥᠨ᠃ ᠪᠡᠶ᠎ᠡ ᠶᠢᠨ ᠲᠠᠮᠢᠷ ᠤᠨ ᠬᠥᠮᠦᠵᠢᠯ ᠪᠣᠯᠣᠨ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠬᠤᠶᠠᠷ ᠲᠠᠯ᠎ᠠ ᠠᠴᠠ ᠲᠠᠨ ᠤ ᠲᠣᠪᠴᠢᠶ᠎ᠠ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠲᠤᠬᠠᠢ ᠶᠠᠷᠢᠭᠠᠳ ᠥᠭᠭᠦᠨ᠎ᠡ ᠤᠤ︖       ᠱᠢ ᠶᠦᠩ ᠹᠸᠡᠭ᠄ ᠪᠢᠳᠡ  ᠤᠳᠤᠭ ᠤᠨ ᠰᠤᠷᠤᠭᠴᠢᠳ ᠢ ᠭᠡᠷ ᠤᠨ ᠡᠭᠦᠳᠡᠨ ᠳᠤᠨᠢ ᠰᠢᠯᠢᠳᠡᠭ ᠰᠤᠷᠭᠠᠨ ᠬᠥᠮᠦᠵᠢᠯ ᠬᠦᠷᠲᠡᠭᠡᠵᠦ᠂ ᠡᠷᠡᠭᠦᠯ ᠡᠩᠬᠡ ᠪᠦᠬᠦ ᠲᠠᠯ᠎ᠠ ᠪᠠᠷ ᠬᠥᠭᠵᠢᠭᠦᠯᠬᠦ︾ ᠰᠡᠳᠬᠢᠴᠡ ᠶᠣᠰᠣᠭᠠᠷ ᠪᠡᠶ᠎ᠡ ᠶᠢᠨ ᠲᠠᠮᠢᠷ ᠪᠣᠯᠣᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠦᠵᠡᠯ ᠰᠠᠨᠠᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠠᠭᠤᠰᠤᠯᠴᠠᠭᠤᠯᠪᠠ᠃ ᠪᠢᠳᠡ ︽ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠣᠲᠤᠭ ᠬᠤᠰᠢᠭᠤᠨ ᠤ ᠰᠤᠷᠭᠠᠨ ᠬᠥᠮᠦᠵᠢᠯ ᠤᠨ ᠬᠠᠮᠤᠭ ᠤᠨ ᠦᠵᠡᠰᠬᠦᠯᠡᠩᠲᠦ ᠰᠠᠶᠢᠬᠠᠨ ᠳᠡᠪᠢᠰᠬᠡᠷ ᠥᠩᠭᠡ ᠵᠢᠴᠢ ᠣᠲᠤᠭ ᠬᠤᠰᠢᠭᠤᠨ ᠤ ᠰᠤᠷᠤᠭᠴᠢᠳ ᠤᠨ ᠬᠠᠮᠤᠭ ᠤᠨ ᠢᠯᠡ ᠲᠣᠳᠣ ᠣᠨᠴᠠᠯᠢᠭ ᠪᠣᠯᠭᠠᠬᠤ ᠪᠠᠷ ᠴᠢᠷᠮᠠᠶᠢᠪᠠ᠃ ᠪᠢᠳᠡ ᠰᠤᠷᠭᠠᠭᠤᠯᠢ ᠡᠷᠭᠢᠯᠡᠬᠦ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ︽ᠬᠠᠷᠠᠭ᠎ᠠ ᠮᠠᠭᠤᠳᠠᠭᠰᠠᠨ ᠬᠡᠦᠬᠡᠳ︾᠂ ︽ᠪᠡᠶ᠎ᠡ ᠶᠢᠨ ᠬᠦᠨᠳᠦ ᠶᠢᠨ ᠬᠡᠮᠵᠢᠶ᠎ᠡ ᠭᠡᠲᠦᠷᠡᠭᠰᠡᠨ ᠬᠡᠦᠬᠡᠳ︾ ᠤᠨ ᠲᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠬᠤ ᠶᠢ ᠡᠷᠡᠰ ᠬᠤᠷᠢᠭᠯᠠᠨ᠂ ︽ᠰᠢᠯᠭᠠᠯᠲᠠ ᠶᠢᠨ ᠬᠤᠪᠢ︾ ᠪᠠ ︽ᠰᠤᠷᠭᠠᠭᠤᠯᠢ ᠳᠡᠪᠰᠢᠬᠦ ᠨᠣᠷᠮ᠎ᠠ︾ ᠶᠢ ᠳᠥᠭᠦᠮᠬᠡᠨ ᠢᠶᠠᠷ ᠬᠥᠭᠡᠭᠡᠴᠡᠯᠳᠦᠬᠦ ᠶᠢ ᠰᠡᠷᠭᠡᠶᠢᠯᠡᠪᠡ᠃      ᠪᠡᠶ᠎ᠡ ᠶᠢᠨ ᠲᠠᠮᠢᠷ ᠪᠣᠯᠣᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠠᠯ᠎ᠠ ᠪᠠᠷ᠂ ᠪᠢᠳᠡ ᠰᠤᠷᠭᠠᠨ ᠬᠥᠮᠦᠵᠢᠯ ᠬᠢᠭᠡᠳ ᠪᠡᠶ᠎ᠡ ᠶᠢᠨ ᠲᠠᠮᠢᠷ᠂ ᠰᠤᠷᠭᠠᠭᠤᠯᠢ ᠶᠢᠨ ᠪᠡᠶ᠎ᠡ ᠶᠢᠨ ᠲᠠᠮᠢᠷ ᠬᠢᠭᠡᠳ ᠣᠯᠠᠨ ᠲᠦᠮᠡᠨᠴᠢ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠤᠭᠤᠷᠣᠨᠳᠣᠬᠢ ᠪᠠᠬᠢᠯᠡᠯᠲᠡ ᠶᠢ ᠡᠪᠳᠡᠵᠦ᠂ ᠬᠥᠯ ᠪᠥᠮᠪᠦᠭᠡ᠂ ᠥᠲᠥᠨ ᠪᠥᠮᠪᠦᠭᠡ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠵᠣᠷᠢᠭᠵᠢᠭᠤᠯᠤᠨ᠂ ᠲᠤᠰᠬᠠᠢ ᠮᠡᠷᠭᠡᠵᠢᠯ ᠤᠨ ᠰᠤᠷᠭᠠᠭᠴᠢ ᠶᠢ ᠤᠷᠢᠵᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠵᠦ᠂ ᠨᠥᠬᠦᠴᠡᠯ ᠳᠤ ᠨᠡᠶᠢᠴᠡᠬᠦ ᠪᠠᠭᠰᠢ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠲᠤ ᠣᠷᠣᠵᠤ ᠪᠡᠶ᠎ᠡ ᠶᠢᠨ ᠲᠠᠮᠢᠷ ᠤᠨ ᠪᠣᠯᠪᠠᠰᠤᠷᠠᠯ ᠥᠷᠨᠢᠭᠦᠯᠬᠦ ᠶᠢ ᠵᠣᠷᠢᠭᠵᠢᠭᠤᠯᠤᠨ᠂ ᠬᠤᠣᠰ ᠴᠢᠭᠯᠡᠯ ᠢᠶᠠᠷ ᠠᠭᠤᠰᠤᠯᠴᠠᠬᠤ ᠶᠢ ᠪᠡᠶᠡᠯᠡᠭᠦᠯᠪᠡ᠃       ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠠᠯ᠎ᠠ ᠪᠠᠷ᠂ ᠪᠢᠳᠡ ᠪᠦᠷᠢᠨ ᠲᠡᠭᠦᠯᠳᠡᠷ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠪᠠ᠃ ᠨᠢᠭᠡ ᠳᠤ ᠬᠤᠰᠢᠭᠤᠨ ᠤ ᠲᠠᠰ ᠤᠨ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠲᠥᠪ ᠢ ᠪᠠᠶᠢᠭᠤᠯᠪᠠ᠃ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠠᠮᠢᠳᠤᠷᠠᠯ ᠤᠨ ᠲᠥᠯᠦᠪᠵᠢᠭᠦᠯᠭᠡ ᠶᠢᠨ ᠬᠥᠮᠦᠵᠢᠯ ᠵᠡᠷᠭᠡ ᠶᠢ ᠪᠠᠶᠢᠩᠭᠤᠵᠢᠭᠤᠯᠤᠨ ᠥᠷᠨᠢᠭᠦᠯᠪᠡ᠃ ᠬᠤᠶᠠᠷ ᠲᠤ ᠰᠡᠳᠬᠢᠴᠡ ᠶᠢᠨ ᠵᠥᠪᠯᠡᠯᠭᠡ ᠥᠭᠬᠦ ᠲᠠᠰᠤᠭ ᠢ ᠪᠠᠶᠢᠭᠤᠯᠪᠠ᠃ ᠰᠤᠷᠤᠭᠴᠢᠳ ᠲᠤ ᠪᠣᠳᠠᠭᠠᠯᠢ ᠪᠡᠶ᠎ᠡ ᠶᠢᠨ ᠰᠡᠳᠬᠢᠴᠡ ᠶᠢᠨ ᠵᠥᠪᠯᠡᠯᠭᠡ ᠪᠠ ᠪᠦᠯᠬᠦᠮ ᠨᠢᠭᠡᠴᠢ ᠶᠢᠨ ᠰᠡᠳᠬᠢᠴᠡ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ ᠬᠠᠩᠭᠠᠪᠠ᠃ ᠭᠤᠷᠪᠠ ᠳᠤ ᠰᠡᠳᠬᠢᠴᠡ ᠶᠢᠨ ᠡᠷᠡᠭᠦᠯ ᠮᠡᠨᠳᠦ ᠶᠢ ᠰᠢᠭᠰᠢᠨ ᠪᠠᠶᠢᠴᠠᠭᠠᠬᠤ ᠲᠣᠭᠲᠠᠴᠠ ᠶᠢ ᠪᠠᠶᠢᠭᠤᠯᠪᠠ᠃ ᠡᠯ᠎ᠡ ᠰᠤᠷᠭᠠᠭᠤᠯᠢ ᠶᠢᠨ ᠬᠢᠨ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠲᠣᠭᠲᠠᠭᠰᠠᠨ ᠬᠤᠭᠤᠴᠠᠭ᠎ᠠ ᠲᠠᠢ ᠪᠠᠷ ᠰᠤᠷᠤᠭᠴᠢᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠦᠨᠡᠯᠡᠯᠲᠡ ᠬᠢᠵᠦ᠂ ︽ᠨᠢᠭᠡ ᠰᠤᠷᠤᠭᠴᠢ ᠳᠤ ᠨᠢᠭᠡ ᠳᠠᠩᠰᠠ ᠡᠪᠬᠡᠮᠡᠯ︾ ᠲᠠᠢ ᠪᠠᠶᠢᠯᠭᠠᠬᠤ ᠶᠢ ᠪᠡᠶᠡᠯᠡᠭᠦᠯᠦᠨ᠂ ᠰᠤᠷᠤᠭᠴᠢᠳ ᠤᠨ ᠰᠡᠳᠬᠢᠴᠡ ᠶᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠰᠢᠢᠳᠪᠦᠷᠢᠯᠡᠪᠡ᠃ ᠳᠥᠷᠪᠡ ᠳᠤ ᠴᠢᠩᠬᠤᠸᠠ ᠶᠡᠭᠡ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠢᠳᠡᠪᠬᠢ ᠰᠡᠳᠬᠢᠴᠡ ᠵᠦᠢ ᠶᠢᠨ ᠰᠤᠳᠤᠯᠭᠠᠨ ᠤ ᠲᠥᠪ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠢᠩᠬᠤᠸᠠ ᠶᠡᠭᠡ ᠰᠤᠷᠭᠠᠭᠤᠯᠢ ᠶᠢᠨ ᠰᠡᠳᠬᠢᠴᠡ ᠶᠢᠨ ᠰᠠᠯᠪᠤᠷᠢ ᠶᠢᠨ ᠫᠷᠤᠹᠧᠰᠰᠤᠷ ᠤᠨ ᠪᠦᠯᠬᠦᠮ ᠢ ᠤᠷᠢᠵᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠶᠢᠯᠤᠮᠵᠢ ᠬᠢᠯᠭᠡᠨ᠂ ᠬᠤᠶᠠᠷ ᠲᠦᠮᠡ ᠭᠠᠷᠤᠢ ᠭᠡᠷ ᠤᠨ ᠠᠬᠠᠮᠠᠳ ᠲᠤ ᠠᠰᠢᠭ ᠬᠦᠷᠲᠡᠭᠡᠪᠡ᠃ ᠲᠠᠪᠤ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ ᠵᠢᠯ ᠪᠦᠷᠢ ︽5.25︾ ᠰᠡᠳᠬᠢᠴᠡ ᠶᠢᠨ ᠡᠷᠡᠭᠦᠯ ᠮᠡᠨᠳᠦ ᠶᠢᠨ ᠠᠵᠢᠯᠯᠠᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠶᠢ 140 ᠭᠠᠷᠤᠢ ᠤᠳᠠᠭ᠎ᠠ ᠥᠷᠨᠢᠭᠦᠯᠵᠦ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠬᠠᠮᠤᠷᠪᠠ᠃       ᠬᠥᠲᠥᠯᠥᠭᠴᠢ᠄ ᠣᠶᠢᠯᠠᠭᠠᠭᠰᠠᠨ ᠢᠶᠠᠷ᠂ ᠲᠠᠨ ᠤ ᠲᠣᠪᠴᠢᠶ᠎ᠠ ᠠᠴᠠ ︽ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠭᠤᠷᠪᠠ ᠶᠢ ᠨᠢᠭᠡ ᠴᠣᠭᠴᠠᠵᠢᠭᠤᠯᠤᠭᠰᠠᠨ ᠶᠣᠰᠣ ᠮᠣᠷᠠᠯ ᠤᠨ ᠬᠥᠮᠦᠵᠢᠯ ᠤᠨ ᠰᠦᠯᠵᠢᠶ᠎ᠡ ᠶᠢ ᠪᠠᠶᠢᠭᠤᠯᠤᠨ᠎ᠠ︾ ᠭᠡᠵᠦ ᠳᠤᠷᠠᠳᠤᠭᠰᠠᠨ ᠪᠥᠭᠡᠳ ︽ᠭᠡᠷ ᠤᠨ ᠠᠬᠠᠮᠠᠳ ᠤᠨ ᠵᠥᠪᠯᠡᠯ ᠤᠨ ᠪᠠᠶᠢᠷᠢᠯᠠᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠪᠣᠳᠠᠲᠠᠢ ᠦᠢᠯᠡᠳᠦᠯᠭᠡ ᠳᠤᠮᠳᠠ᠂ ᠲᠠᠨ ᠤ ᠲᠣᠪᠴᠢᠶ᠎ᠠ ᠭᠡᠷ ᠤᠨ ᠠᠬᠠᠮᠠᠳ ᠪᠣᠯᠣᠨ ᠨᠡᠶᠢᠭᠡᠮ ᠲᠣᠭᠤᠷᠢᠭ ᠤᠨ ᠡᠬᠢ ᠪᠠᠶᠠᠯᠢᠭ ᠵᠢᠴᠢ ᠠᠵᠢᠯ ᠤᠨ ᠢᠳᠡᠪᠬᠢᠵᠢᠯ ᠢ ᠬᠡᠷᠬᠢᠨ ᠳᠠᠶᠢᠴᠢᠯᠠᠵᠤ᠂ ᠬᠥᠮᠥᠨ ᠢ ᠬᠥᠮᠥᠵᠢᠭᠦᠯᠬᠦ ᠬᠠᠮᠲᠤᠷᠠᠯ ᠬᠦᠴᠦᠨ ᠢ ᠪᠦᠷᠢᠯᠳᠦᠭᠦᠯᠦᠭᠰᠡᠨ ᠪᠣᠶ︖       ᠱᠢ ᠶᠦᠩ ᠹᠧᠩ᠄ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠭᠤᠷᠪᠠ ᠶᠢ ᠨᠢᠭᠡ ᠴᠣᠭᠴᠠᠵᠢᠭᠤᠯᠤᠭᠰᠠᠨ ᠶᠣᠰᠣ ᠰᠤᠷᠲᠠᠬᠤᠨ ᠤ ᠬᠥᠮᠦᠵᠢᠯ ᠤᠨ ᠰᠦᠯᠵᠢᠶ᠎ᠡ ᠶᠢ ᠪᠠᠶᠢᠭᠤᠯᠬᠤ ᠪᠣᠯ ᠪᠢᠳᠡᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃       ᠭᠡᠷ ᠤᠨ ᠠᠬᠠᠮᠠᠳ ᠤᠨ ᠲᠠᠯ᠎ᠠ ᠪᠠᠷ᠂ ᠪᠢᠳᠡ ᠬᠤᠰᠢᠭᠤ᠂ ᠰᠤᠷᠭᠠᠭᠤᠯᠢ᠂ ᠣᠨ ᠭᠤᠷᠪᠠᠨ ᠱᠠᠲᠤᠨ ᠤ ᠭᠡᠷ ᠤᠨ ᠠᠬᠠᠮᠠᠳ ᠤᠨ ᠵᠥᠪᠯᠡᠯ ᠢ ᠪᠠᠶᠢᠭᠤᠯᠵᠤ᠂ ᠭᠡᠷ ᠤᠨ ᠠᠬᠠᠮᠠᠳ ᠤᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠪᠠ᠃ ᠪᠢᠳᠡ ︽ᠭᠡᠷ ᠤᠨ ᠠᠬᠠᠮᠠᠳ ᠤᠨ ᠵᠥᠪᠯᠡᠯ ᠤᠨ ᠪᠠᠶᠢᠷᠢᠯᠠᠭᠤᠯᠤᠯᠲᠠ ᠪᠠ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠡᠯ᠎ᠡ ᠰᠤᠷᠭᠠᠭᠤᠯᠢ ᠶᠢ ᠵᠢᠯᠣᠭᠤᠳᠤᠨ ᠭᠡᠷ ᠤᠨ ᠠᠬᠠᠮᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠪᠠ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠪᠠ᠃       ᠨᠡᠶᠢᠭᠡᠮ ᠲᠣᠭᠤᠷᠢᠭ ᠤᠨ ᠲᠠᠯ᠎ᠠ ᠪᠠᠷ᠂ ᠪᠢᠳᠡ ᠨᠡᠶᠢᠭᠡᠮ ᠲᠣᠭᠤᠷᠢᠭ ᠤᠨ ᠰᠣᠶᠣᠯ ᠤᠨ ᠡᠬᠢ ᠪᠠᠶᠠᠯᠢᠭ᠂ ᠲᠠᠯᠠᠪᠤᠷ ᠭᠠᠵᠠᠷ ᠤᠨ ᠡᠬᠢ ᠪᠠᠶᠠᠯᠢᠭ ᠵᠡᠷᠭᠡ ᠶᠢ ᠭᠦᠢᠴᠡᠳ ᠠᠰᠢᠭᠯᠠᠵᠤ᠂ ᠰᠤᠷᠤᠭᠴᠢᠳ ᠢ ᠳᠠᠭᠠᠭᠤᠯᠤᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠭᠴᠢᠳ ᠲᠤ ᠦᠨᠡᠨ ᠪᠣᠳᠠᠲᠠᠢ ᠨᠡᠶᠢᠭᠡᠮ ᠤᠨ ᠣᠷᠴᠢᠨ ᠪᠠᠶᠢᠳᠠᠯ ᠤᠨ ᠳᠤᠮᠳᠠ ᠰᠣᠶᠣᠯ ᠤᠨ ᠬᠥᠮᠦᠵᠢᠯ  ᠪᠣᠯᠣᠨ ᠶᠣᠰᠣ ᠮᠣᠷᠠᠯ ᠤᠨ ᠬᠥᠮᠦᠵᠢᠯ ᠢ ᠬᠦᠷᠲᠡᠭᠡᠪᠡ᠃ ᠡᠭᠦᠨ ᠤ ᠳᠠᠭᠠᠤ᠂ ᠪᠢᠳᠡ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠤᠭᠴᠢᠳ ᠲᠤ ᠲᠠᠶᠢᠯᠤᠮᠵᠢ ᠬᠢᠬᠦ ᠠᠴᠠ ᠭᠠᠳᠠᠨ᠎ᠠ ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠤᠨ ᠠᠷᠢᠭᠤᠨ ᠴᠡᠪᠡᠷ᠂ ᠥᠨᠥᠴᠢᠨ ᠥᠷᠥᠭᠡᠰᠦᠨ ᠨᠠᠰᠤᠲᠠᠨ ᠢ ᠬᠠᠯᠠᠮᠵᠢᠯᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠬᠤ ᠪᠠᠷ ᠳᠠᠮᠵᠢᠭᠤᠯᠤᠨ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠬᠢᠭᠡᠳ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠬᠥᠮᠥᠵᠢᠭᠦᠯᠪᠡ᠃       ᠪᠢᠳᠡ ᠪᠠᠰᠠ ᠭᠡᠷ ᠤᠨ ᠠᠬᠠᠮᠠᠳ ᠪᠠ ᠰᠤᠷᠭᠠᠭᠤᠯᠢ ᠨᠡᠶᠢᠬᠡᠮ ᠲᠣᠭᠤᠷᠢᠭ ᠤᠨ ᠨᠡᠪᠲᠡᠷᠡᠯᠴᠡᠬᠦ ᠲᠠᠪᠴᠠᠩ ᠢ ᠪᠠᠶᠢᠭᠤᠯᠬᠤ ᠶᠢ ᠴᠢᠬᠤᠯᠠᠴᠢᠯᠠᠵᠤ᠂ ᠭᠡᠷ ᠤᠨ ᠠᠬᠠᠮᠠᠳ ᠪᠠ ᠰᠤᠷᠭᠠᠭᠤᠯᠢ ᠨᠡᠶᠢᠬᠡᠮ ᠲᠣᠭᠤᠷᠢᠭ ᠤᠨ ᠬᠠᠷᠢᠯᠴᠠᠬᠤ ᠬᠤᠯᠪᠣᠭ᠎ᠠ ᠪᠠᠶᠢᠭᠤᠯᠬᠤ᠂ ᠭᠡᠷ ᠤᠨ ᠠᠬᠠᠮᠠᠳ ᠤᠨ ᠬᠤᠷᠠᠯ ᠡᠷᠭᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ ᠤᠨ ᠠᠬᠠᠮᠠᠳ ᠪᠠ ᠰᠤᠷᠭᠠᠭᠤᠯᠢ ᠨᠡᠶᠢᠬᠡᠮ ᠲᠣᠭᠤᠷᠢᠭ ᠤᠨ ᠬᠤᠭᠤᠷᠣᠨᠳᠣᠬᠢ ᠮᠡᠳᠡᠭᠡ ᠵᠠᠩᠭᠢ ᠶᠢᠨ ᠰᠣᠯᠢᠯᠴᠠᠭ᠎ᠠ ᠪᠣᠯᠣᠨ ᠨᠡᠪᠲᠡᠷᠡᠯᠴᠡᠭᠡ ᠶᠢ ᠴᠢᠩᠭᠠᠳᠬᠠᠪᠠ᠃ ᠡᠭᠦᠨ ᠤ ᠬᠠᠮᠲᠤ᠂ ᠰᠤᠷᠤᠭᠴᠢᠳ ᠤᠨ ᠰᠤᠷᠭᠠᠭᠤᠯᠢ᠂ ᠭᠡᠷ ᠪᠦᠯᠢ ᠪᠠ ᠨᠡᠶᠢᠭᠡᠮ ᠲᠣᠭᠤᠷᠢᠭ ᠲᠠᠬᠢ ᠢᠯᠡᠷᠡᠯ ᠢ ᠴᠠᠭ ᠲᠤᠬᠠᠢ ᠳᠤᠨᠢ ᠬᠠᠷᠢᠭᠤ ᠲᠤᠰᠬᠠᠨ᠂ ᠰᠤᠷᠭᠠᠨ ᠬᠥᠮᠦᠵᠢᠯ ᠤᠨ ᠠᠰᠠᠭᠤᠳᠠᠯ ᠢ ᠬᠠᠮᠲᠤ ᠪᠠᠷ ᠰᠤᠳᠤᠯᠤᠨ ᠶᠠᠷᠢᠯᠴᠠᠵᠤ᠂ ᠬᠥᠮᠥᠨ ᠬᠥᠮᠥᠵᠢᠭᠦᠯᠬᠦ ᠠᠷᠭ᠎ᠠ ᠪᠣᠳᠣᠯᠭ᠎ᠠ ᠶᠢ ᠲᠣᠭᠲᠠᠭᠠᠨ᠂ ᠰᠤᠷᠭᠠᠨ ᠬᠥᠮᠦᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠪᠡ᠃       ᠬᠥᠲᠥᠯᠥᠭᠴᠢ᠄ ᠣᠳᠣᠬᠠᠨ ᠳᠤ᠂ ᠪᠥᠬᠦ ᠬᠤᠰᠢᠭᠤᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠦᠷ᠎ᠡ ᠪᠦᠲᠦᠮᠵᠢ ᠬᠢᠷᠢ ᠵᠡᠷᠭᠡ ᠪᠠᠶᠢᠨ᠎ᠠ︖ ᠲᠠᠷᠠᠭᠠᠴᠢ ᠶᠢᠨ ᠠᠯᠬᠤᠮ ᠤᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠭᠤᠣᠯᠳᠠᠯᠭ᠎ᠠ ᠨᠢ ᠶᠠᠭᠤ ᠪᠤᠢ︖      ᠱᠢ ᠶᠦᠩ ᠹᠧᠩ᠄ ᠪᠥᠬᠦ ᠬᠤᠰᠢᠭᠤᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠪᠠ᠃ ᠨᠢᠭᠡᠳᠦᠭᠡᠷ ᠲᠤ ᠰᠤᠷᠤᠭᠴᠢᠳ ᠤᠨ ᠶᠣᠰᠣ ᠮᠣᠷᠠᠯ ᠤᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠵᠦ᠂ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠬᠢᠭᠡᠳ ᠶᠣᠰᠣ ᠮᠣᠷᠠᠯ ᠤᠨ ᠵᠠᠩ ᠴᠢᠨᠠᠷ ᠢ ᠪᠣᠶ ᠪᠣᠯᠭᠠᠪᠠ᠃ ᠬᠤᠶᠠᠳᠤᠭᠠᠷ ᠲᠤ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠲᠠᠰᠤᠷᠠᠯᠲᠠ ᠦᠭᠡᠢ ᠴᠢᠩᠭᠠᠷᠠᠵᠤ᠂ ᠶᠣᠰᠣ ᠮᠣᠷᠠᠯ ᠤᠨ ᠬᠥᠮᠦᠵᠢᠯ ᠤᠨ ᠠᠵᠢᠯ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠪᠠ᠃ ᠭᠤᠷᠪᠠᠳᠤᠭᠠᠷ ᠲᠤ ᠤᠷᠤᠨ ᠨᠤᠲᠤᠭ ᠤᠨ ᠡᠬᠢ ᠪᠠᠶᠠᠯᠢᠭ ᠪᠣᠯᠣᠨ ᠤᠯᠠᠮᠵᠢᠯᠠᠯᠲᠤ ᠰᠣᠶᠣᠯ ᠤᠨ ᠶᠣᠰᠣ ᠰᠤᠷᠲᠠᠬᠤᠨ ᠤ ᠬᠥᠮᠦᠵᠢᠯ ᠳᠠᠬᠢ ᠠᠭᠤᠰᠤᠯᠴᠠᠯ ᠨᠢ ᠰᠤᠷᠤᠭᠴᠢᠳ ᠤᠨ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠪᠡ᠃ ᠳᠥᠷᠪᠡᠳᠦᠭᠡᠷ ᠲᠤ ︽ᠲᠠᠪᠤᠨ ᠬᠥᠮᠦᠵᠢᠯ︾ ᠢ ᠵᠡᠷᠭᠡᠪᠡᠷ ᠬᠥᠭᠵᠢᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠲᠠᠪᠤᠳᠤᠭᠠᠷ ᠲᠤ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠰᠤᠷᠤᠭᠴᠢᠳ ᠢ ᠡᠷᠡᠭᠦᠯ ᠴᠢᠭᠢᠷᠠᠭ ᠪᠡᠶ᠎ᠡ ᠮᠠᠬᠠᠪᠤᠳ ᠪᠠ ᠰᠠᠶᠢᠨ ᠰᠠᠶᠢᠬᠠᠨ ᠰᠡᠳᠬᠢᠴᠡ ᠶᠢᠨ ᠬᠡᠪ ᠴᠢᠨᠠᠷ ᠲᠠᠢ ᠪᠣᠯᠭᠠᠪᠠ᠃ ᠵᠢᠷᠭᠤᠳᠤᠭᠠᠷ ᠲᠤ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠭᠤᠷᠪᠠ ᠶᠢ ᠨᠢᠭᠡ ᠴᠣᠭᠴᠠᠵᠢᠭᠤᠯᠤᠭᠰᠠᠨ ᠶᠣᠰᠣ ᠰᠤᠷᠲᠠᠬᠤᠨ ᠤ ᠬᠥᠮᠦᠵᠢᠯ ᠤᠨ ᠲᠣᠣᠷ ᠢ ᠦᠨᠳᠦᠰᠦᠨ ᠳᠡᠭᠡᠨ ᠪᠠᠶᠢᠭᠤᠯᠵᠤ᠂ ᠬᠥᠮᠥᠨ ᠢ ᠬᠥᠮᠥᠵᠢᠭᠦᠯᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠪᠡ᠃       ᠲᠠᠷᠠᠭᠠᠴᠢ ᠶᠢᠨ ᠠᠯᠬᠤᠮ ᠳᠤ᠂ ᠪᠢᠳᠠ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠭᠤᠣᠯᠳᠠᠯᠭ᠎ᠠ ᠪᠠᠨ ᠭᠤᠣᠯᠳᠠᠭᠤ ᠳᠥᠷᠪᠡᠨ ᠲᠠᠯ᠎ᠠ ᠳᠤ ᠲᠥᠪᠯᠡᠷᠡᠭᠦᠯᠦᠨ᠎ᠡ᠃ ᠨᠢᠭᠡ ᠳᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠣᠨ ᠬᠥᠮᠥᠨ ᠢ ᠬᠥᠮᠥᠵᠢᠭᠦᠯᠬᠦ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠦᠨ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠤᠷᠤᠭᠴᠢᠳ ᠤᠨ ᠳᠤᠷ᠎ᠠ ᠪᠠᠭ᠋ᠠᠲᠠᠢ ᠬᠢᠴᠢᠶᠡᠯ ᠪᠣᠯᠭᠠᠨ᠎ᠠ᠃ ᠬᠤᠶᠠᠷ ᠲᠤ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠣᠲᠤᠭ ᠬᠤᠰᠢᠭᠤᠨ ᠤ ᠣᠨᠴᠠᠯᠢᠭ ᠲᠠᠢ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠨᠠᠷᠠᠲᠤ ᠲᠡᠮᠳᠡᠭ ᠢ ᠪᠣᠶ ᠪᠣᠯᠭᠠᠨ᠎ᠠ᠃ ᠭᠤᠷᠪᠠ ᠳᠤ ︽ᠲᠠᠪᠤᠨ ᠬᠥᠮᠦᠵᠢᠯ︾  ᠤᠨ ᠠᠭᠤᠰᠤᠯᠴᠠᠯ ᠢ ᠭᠦᠨᠵᠡᠭᠡᠢ ᠠᠬᠢᠭᠤᠯᠤᠨ᠂ ᠨᠡᠩ ᠪᠦᠲᠦᠮᠵᠢᠲᠡᠢ ᠠᠭᠤᠰᠤᠯᠴᠠᠯ ᠤᠨ ᠵᠠᠭᠪᠤᠷ ᠪᠣᠯᠣᠨ ᠠᠷᠭ᠎ᠠ ᠶᠢ ᠰᠦᠪᠡᠭᠴᠢᠯᠡᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠳᠥᠷᠪᠡ ᠳᠤ ᠶᠣᠰᠣ ᠰᠤᠷᠲᠠᠬᠤᠨ ᠤ ᠬᠥᠮᠦᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠷᠠᠯ᠂ ᠵᠢᠭᠠᠨ ᠰᠤᠳᠤᠯᠤᠯᠲᠠ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠡᠷᠦᠩᠬᠡᠶᠢᠯᠡᠪᠡᠯ᠂ ᠪᠢᠳᠡ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ ᠰᠢᠨ᠎ᠡ ᠶᠢ ᠡᠭᠦᠳᠦᠨ᠂ ᠤᠲᠤᠭ ᠬᠤᠰᠢᠭᠤᠨ ᠤ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠳᠤ ᠤᠲᠤᠭ ᠤᠨ ᠬᠦᠴᠦᠨ ᠴᠢᠳᠠᠯ ᠢᠶᠠᠨ ᠡᠷᠭᠦᠨ᠎ᠡ᠃       ᠬᠥᠲᠥᠯᠥᠭᠴᠢ᠄ ᠱᠢ ᠲᠣᠪᠴᠢᠶᠠᠨ ᠳᠠᠷᠤᠭ᠎ᠠ ᠲᠦᠮᠡᠨ ᠶᠠᠭᠠᠷᠠᠤ ᠪᠠᠨ ᠵᠠᠶᠢᠴᠢᠯᠠᠨ ᠪᠢᠳᠡᠨ ᠤ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠠᠳᠡ ᠪᠠᠰᠠ ᠪᠥᠬᠦ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠩ ᠰᠡᠳᠬᠢᠯ ᠠᠴᠠ ᠪᠠᠨ ᠵᠦᠩᠨᠡᠶ᠎ᠡ︕       ᠱᠢ ᠶᠦᠩ ᠹᠧᠩ᠄ ᠬᠥᠲᠥᠯᠥᠭᠴᠢ ᠳᠤ ᠪᠠᠶᠠᠷᠯᠠᠯ᠎ᠠ᠃ ᠡᠨᠡ ᠲᠠᠰᠢᠷᠠᠮ ᠢᠶᠠᠷ ᠲᠠ ᠪᠦᠬᠦᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠳᠠᠬᠢᠨᠲᠠ ᠲᠠᠯᠠᠷᠬᠠᠵᠤ ᠪᠠᠶᠢᠨ᠎ᠠ᠃ ᠲᠠ ᠪᠦᠬᠦᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠦᠢᠯᠡᠰ ᠤᠷᠤᠭᠰᠢᠲᠠᠢ᠂ ᠠᠯᠢᠪᠠ ᠪᠦᠬᠦᠨ ᠦᠭᠡᠳᠡ ᠡᠰᠡᠷᠡᠭ ᠪᠣᠯᠲᠤᠭᠠᠢ︕   
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ