ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠠᠭᠠᠨᠪᠠᠯᠭᠠᠰᠤᠨ ᠤ ᠱᠤᠸᠠᠢ ᠹᠸᠡᠭ ᠨᠡᠶᠢᠭᠡᠮ ᠲᠣᠭᠤᠷᠢᠭ ᠲᠤ ᠬᠦᠷᠴᠦ ᠲᠦᠷᠦᠯ ᠵᠦᠢᠯ ᠢ ᠳᠠᠭᠠᠭᠤᠯᠤᠨ ᠭᠦᠢᠴᠡᠳᠬᠡᠵᠦ  ᠦᠨᠳᠦᠰᠦᠨ ᠱᠠᠲᠤᠨ ᠤ ᠦᠢᠯᠡᠴᠢᠯᠡᠭᠡᠨ ᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2025/4/25
      ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠦᠨᠳᠦᠰᠦᠨ ᠱᠠᠲᠤ ᠳᠠᠰᠢ ᠥᠷᠭᠡᠳᠬᠡᠬᠦ ᠶᠢ ᠠᠬᠢᠭᠤᠯᠬᠤ ᠶᠢᠨ ᠲᠥᠯᠥᠭᠡ᠂ ᠤᠯᠠᠭᠠᠨᠪᠠᠯᠭᠠᠰᠤᠨ ᠤ ᠱᠤᠸᠠᠢ ᠹᠸᠡᠭ ᠨᠡᠶᠢᠭᠡᠮ ᠲᠣᠭᠤᠷᠢᠭ ᠤᠨ ᠬᠢᠨ ︽︿ᠵᠠᠰᠠᠭ﹀ ᠤᠨ ᠬᠦᠴᠦᠨ ᠢ ᠨᠢᠭᠲᠠᠷᠠᠭᠤᠯᠤᠨ  ᠦᠢᠯᠡᠴᠢᠯᠡᠭᠡ ᠬᠦᠷᠭᠡᠬᠦ︾ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠷᠥᠯ ᠵᠦᠢᠯ ᠢ ᠳᠠᠭᠠᠭᠤᠯᠤᠨ ᠭᠦᠢᠴᠡᠳᠬᠡᠬᠦ ᠠᠵᠢᠯᠯᠠᠭ᠎ᠠ ᠶᠢ ᠥᠷᠨᠢᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ ᠰᠣᠶᠣᠯ ᠵᠡᠷᠭᠡ ᠡᠲᠡᠭᠡᠳ ᠢᠯᠭᠠᠯ ᠤᠨ 12 ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠡᠶᠢᠭᠡᠮ ᠲᠣᠭᠤᠷᠢᠭ ᠲᠤ ᠴᠤᠭᠯᠠᠷᠠᠵᠤ᠂ ᠲᠦᠷᠦᠯ ᠵᠦᠢᠯ ᠢ ᠳᠠᠭᠠᠭᠤᠯᠤᠨ ᠭᠦᠢᠴᠡᠳᠬᠡᠬᠦ ᠠᠷᠭ᠎ᠠ ᠮᠠᠶ᠋ᠢᠭ ᠢᠶᠠᠷ ᠲᠤᠰᠬᠠᠢ ᠦᠢᠯᠡᠴᠢᠯᠡᠭᠡ ᠶᠢ ᠤᠯᠠᠨ ᠲᠦᠮᠡᠨ ᠤ ︽ᠭᠡᠷ ᠤᠨ ᠡᠭᠦᠳᠡᠨ︾ ᠳᠤ ᠬᠦᠷᠭᠡᠵᠡᠢ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠤᠷᠢᠬᠠᠨ ᠡᠮᠴᠢᠯᠡᠭᠡᠨ ᠤ ᠡᠬᠢ ᠪᠠᠶᠠᠯᠢᠭ ᠢ ᠠᠪᠴᠠᠯᠳᠤᠭᠤᠯᠬᠤ᠂ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ ᠨᠠᠷᠠᠲᠤ ᠡᠮᠴᠢ ᠲᠣᠭᠲᠠᠮᠠᠯ ᠬᠤᠭᠤᠴᠠᠭ᠎ᠠ ᠲᠠᠢ ᠪᠠᠷ ᠡᠪᠡᠳᠴᠢᠨ ᠦᠵᠡᠬᠦ ᠵᠢᠴᠢ ︽ᠥᠴᠥᠬᠡᠨ ᠬᠦᠰᠡᠯ ᠢ ᠪᠡᠶᠡᠯᠡᠭᠦᠯᠬᠦ︾ ᠵᠡᠷᠭᠡ ᠨᠡᠶᠢᠭᠡᠮ ᠲᠣᠭᠤᠷᠢᠭ ᠤᠨ ᠪᠠᠲᠤᠯᠠᠨ ᠳᠠᠭᠠᠭᠠᠴᠢᠯᠠᠵᠤ ᠬᠠᠪᠰᠤᠷᠤᠨ ᠲᠡᠳᠬᠦᠬᠦ ᠲᠥᠷᠥᠯ ᠵᠦᠢᠯ ᠤᠨ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠨᠠᠷᠢᠯᠢᠭ ᠣᠨᠣᠪᠴᠢᠲᠠᠢ᠂ ᠣᠷᠳᠣ ᠬᠤᠭᠤᠴᠠᠭᠠᠨ ᠤ ᠪᠦᠲᠦᠮᠵᠢᠲᠡᠶ ᠦᠢᠯᠡᠴᠢᠯᠡᠭᠡ ᠪᠠᠷ ᠳᠠᠮᠵᠢᠭᠤᠯᠤᠨ᠂ ᠣᠯᠠᠨ ᠲᠦᠮᠡᠨ ᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠥᠭᠡᠳ ᠲᠣᠰ ᠤᠳᠠᠭᠠᠨ ᠤ ᠠᠵᠢᠯᠯᠠᠭ᠎ᠠ ᠪᠣᠯ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠡᠯ᠎ᠡ ᠡᠲᠡᠭᠡᠳ ᠢᠯᠭᠠᠯ ᠤᠨ ᠣᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ ᠠᠵᠢᠯ ᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠦᠢᠯᠡᠳᠦᠯᠭᠡ ᠮᠥᠨ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠦᠢᠯᠡᠴᠢᠯᠡᠭᠡᠨ ᠤ ᠲᠥᠷᠥᠯ ᠵᠦᠢᠯ ᠢ ᠳᠠᠭᠠᠭᠤᠯᠤᠨ ᠭᠦᠢᠴᠡᠳᠬᠡᠬᠦ ᠬᠡᠯᠡᠯᠴᠡᠭᠡᠷ ᠪᠢᠴᠢᠭ ᠲᠤ ᠲᠠᠰ ᠳᠠᠷᠠᠭᠠᠯᠠᠨ ᠭᠠᠷ ᠤᠨ ᠥᠰᠥᠭ ᠵᠢᠷᠤᠭᠰᠠᠨ ᠪᠥᠭᠡᠳ ︽ᠬᠦᠰᠡᠯ ᠤᠨ ᠰᠠᠮᠪᠠᠷ᠎ᠠ︾ ᠳᠡᠭᠡᠷ᠎ᠡ ᠭᠠᠷ ᠤᠨ ᠥᠰᠥᠭ ᠵᠢᠷᠤᠵᠤ ᠠᠮᠠᠯᠠᠯᠲᠠ ᠬᠢᠵᠦ᠂ ︽ᠨᠢᠭᠡ ᠭᠡᠰᠢᠭᠦᠨ ᠨᠢᠭᠡ ᠲᠥᠷᠥᠯ ᠵᠦᠢᠯ︾ ᠪᠤᠶᠤ ︽ᠣᠯᠠᠨ ᠭᠡᠰᠢᠭᠦᠨ ᠨᠢᠭᠡ ᠲᠥᠷᠥᠯ ᠵᠦᠢᠯ︾ ᠤᠨ ᠬᠡᠯᠪᠡᠷᠢ ᠪᠠᠷ ᠬᠠᠪᠰᠤᠷᠤᠨ ᠲᠡᠳᠬᠦᠬᠦ ᠲᠥᠷᠥᠯ ᠵᠦᠢᠯ ᠢ ᠳᠠᠭᠠᠭᠠᠨ ᠠᠪᠤᠪᠠ᠃ ᠭᠡᠰᠢᠭᠦᠳ᠂ ᠲᠤᠰᠬᠠᠢ ᠮᠡᠷᠭᠡᠵᠢᠯ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠡᠶᠢᠭᠡᠮ ᠤᠨ ᠡᠬᠢ ᠪᠠᠶᠠᠯᠢᠭ ᠢ ᠨᠢᠭᠡᠳᠬᠡᠨ᠂ ᠡᠷᠡᠭᠦᠯ ᠮᠡᠨᠳᠦ ᠪᠠᠷ ᠠᠷᠠᠳ ᠲᠤ ᠠᠰᠢᠭ ᠬᠦᠷᠲᠡᠭᠡᠬᠦ᠂ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠬᠤ᠂ ᠠᠷᠠᠳ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠠᠵᠢᠯᠯᠠᠭ᠎ᠠ ᠪᠣᠯ ᠱᠤᠸᠠᠢ ᠹᠸᠡᠭ ᠨᠡᠶᠢᠭᠡᠮ ᠲᠣᠭᠤᠷᠢᠭ ᠤᠨ ︽ᠤᠯᠤᠰ ᠲᠥᠷᠥ ᠶᠢᠨ ᠵᠥᠪᠯᠡᠯᠭᠡᠨ + ᠨᠡᠶᠢᠭᠡᠮ ᠲᠣᠭᠤᠷᠢᠭ︾ ᠤᠨ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠬᠠᠶᠢᠨ ᠰᠦᠪᠡᠭᠴᠢᠯᠡᠭᠰᠡᠨ ᠰᠢᠨ᠎ᠡ ᠠᠷᠭ᠎ᠠ ᠬᠡᠮᠵᠢᠶ᠎ᠡ ᠪᠣᠯᠣᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠥᠷᠥᠯ ᠵᠦᠢᠯ ᠢ ᠳᠠᠭᠠᠭᠤᠯᠤᠨ ᠭᠦᠢᠴᠡᠳᠬᠡᠬᠦ ᠪᠠᠷ ᠳᠠᠮᠵᠢᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠳᠤ ᠨᠢᠭᠤᠷᠳᠠᠨ ᠦᠢᠯᠡᠴᠢᠯᠡᠬᠦ ᠶᠢ ᠪᠡᠶᠡᠯᠡᠭᠦᠯᠪᠡ᠃ ᠬᠤᠶᠢᠰᠢᠳᠠ᠂ ᠱᠤᠸᠠᠢ ᠹᠸᠡᠭ ᠨᠡᠶᠢᠭᠡᠮ ᠲᠣᠭᠤᠷᠢᠭ ᠤᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠴᠢᠨᠠᠭᠰᠢᠳᠠ ᠲᠠᠪᠴᠠᠩ ᠪᠠᠶᠢᠭᠤᠯᠤᠨ᠂ ᠲᠣᠭᠲᠠᠴᠠ ᠶᠢ ᠰᠢᠯᠢᠳᠡᠭᠵᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠦᠢᠯᠡᠴᠢᠯᠡᠭᠡ ᠳᠤ ᠪᠠᠶᠢᠩᠭᠤ ᠣᠷᠣᠯᠴᠠᠬᠤ ᠶᠢ ᠠᠬᠢᠭᠤᠯᠤᠨ᠂ ᠵᠢᠵᠢᠭ ᠶᠠᠪᠤᠳᠠᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢ ᠲᠠᠰᠤᠷᠠᠯᠲᠠ ᠦᠭᠡᠢ ᠨᠡᠮᠡᠷᠢᠯᠡᠨ᠂ ᠰᠢᠨ᠎ᠡ ᠴᠠᠭ ᠦᠶ᠎ᠡ ᠶᠢᠨ ᠠᠷᠠᠳ ᠲᠦᠮᠡᠨ ᠳᠤ ᠦᠢᠯᠡᠴᠢᠯᠡᠭᠰᠡᠨ ᠰᠡᠳᠬᠢᠯ ᠳᠤ ᠳᠤᠯᠠᠭᠠᠬᠠᠨ ᠬᠠᠭᠤᠳᠠᠰᠤ ᠶᠢ ᠪᠢᠴᠢᠭᠯᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ