ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠨ᠎ᠠ ︱ ᠰᠦᠮᠡᠲᠦ ᠰᠤᠮᠤ ᠤᠢ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠪᠡ
ᠨᠡᠶᠢᠲᠡᠯᠡᠭᠰᠡᠨ ᠴᠠᠭ᠄
2025/4/25
      ︽ᠠᠮᠢ ᠠᠬᠤᠢ ᠬᠥᠭᠵᠢᠪᠡᠯ ᠪᠣᠯᠪᠠᠰᠤᠨ ᠬᠥᠭᠵᠢᠵᠦ᠂ ᠠᠮᠢ ᠠᠬᠤᠢ ᠮᠠᠭᠤᠳᠠᠪᠠᠯ ᠪᠣᠯᠪᠠᠰᠤᠨ ᠳᠣᠷᠣᠶᠢᠲᠠᠨ᠎ᠠ︾᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠦᠡᠨᠡᠨᠬᠦ ᠴᠢᠩᠭᠠᠳᠬᠠᠬᠤ ᠶᠢᠨ ᠲᠥᠯᠥᠭᠡ᠂ ᠰᠦᠮᠡᠲᠦ ᠰᠤᠮᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠬᠥᠳᠡᠯᠦᠯᠴᠡᠨ᠂ ︽ᠣᠭᠲᠣ ᠥᠯᠥ ᠠᠭᠤᠴᠢᠯᠠᠬᠤ︾ ᠣᠪᠣᠷ ᠢᠶᠠᠷ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠡᠷᠡᠰ ᠬᠤᠷᠢᠭᠯᠠᠵᠤ᠂ ᠬᠦᠴᠦᠲᠡᠢ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠠᠬᠢᠭᠤᠯᠤᠨ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯᠲᠠᠢ ᠪᠠᠷ ᠬᠠᠮᠲᠤ ᠣᠷᠣᠰᠢᠭᠰᠠᠨ ᠬᠠᠭᠤᠳᠠᠰᠤ ᠶᠢ ᠴᠢᠷᠮᠠᠶᠢᠨ ᠪᠢᠴᠢᠭᠯᠡᠪᠡ᠃      ᠨᠢᠭᠡ᠂ ᠳᠡᠭᠡᠳᠦ ᠪᠠᠶᠢᠷᠢᠨ ᠳᠤ ᠨᠢᠭᠡᠳᠦᠯᠲᠡᠢ ᠲᠥᠯᠥᠪᠵᠢᠭᠦᠯᠦᠨ ᠬᠠᠮᠲᠤᠷᠠᠯ ᠬᠦᠴᠦᠨ ᠢ ᠨᠢᠭᠲᠠᠷᠠᠭᠤᠯᠵᠤ  ᠬᠠᠷᠢᠭᠤᠴᠠᠯᠭ᠎ᠠ ᠶᠢᠨ ︽ᠬᠠᠮᠠᠭᠠᠯᠠᠯᠲᠠ ᠶᠢᠨ ᠲᠣᠣᠷ︾ ᠢ ᠨᠢᠭᠲᠠ ᠰᠦᠯᠵᠢᠪᠡ       ᠰᠦᠮᠡᠲᠦ ᠰᠤᠮᠤ 2025 ᠣᠨ ᠤ ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠪᠣᠯᠣᠨ 2025 ᠣᠨ ᠤ ᠬᠤᠶᠠᠷ ᠱᠠᠲᠤᠨ ᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠬᠦ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠠᠯ᠎ᠠ ᠪᠠᠷ ᠬᠢ ᠬᠤᠷᠠᠯ ᠤᠨ ᠵᠣᠷᠢᠭ ᠰᠠᠨᠠᠭ᠎ᠠ ᠵᠢᠴᠢ ᠱᠦᠵᠢ ᠰᠦᠨ ᠱᠣᠸ ᠴᠧᠩ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠵᠤ᠂ ᠰᠤᠮᠤᠨ ᠤ ︽ᠬᠤᠶᠠᠷ ᠢ ᠴᠠᠭᠠᠵᠠᠯᠠᠵᠤ ᠨᠢᠭᠡ ᠶᠢ ᠲᠡᠩᠴᠡᠭᠦᠷᠢᠲᠡᠢ ᠪᠠᠶᠢᠯᠭᠠᠬᠤ︾᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠯᠡᠵᠦ ᠪᠠᠶᠢᠷᠢᠯᠠᠭᠤᠯᠤᠨ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠶᠠᠳᠤᠭᠠᠷ ᠳᠡᠰ ᠤᠨ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠪᠥᠬᠦ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠣᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠷᠢᠭᠤᠴᠠᠯᠭ᠎ᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠤᠭᠤᠳᠪᠠ᠃      ᠬᠤᠶᠠᠷ᠂ ᠴᠡᠭᠴᠡᠯᠡᠨ ᠵᠠᠰᠠᠬᠤ ᠠᠵᠢᠯ ᠢ ᠦᠨᠡᠨ ᠪᠣᠳᠠᠲᠠᠢ ᠬᠢᠵᠦ  ᠴᠡᠭᠴᠡᠯᠡᠨ ᠰᠠᠶᠢᠵᠢᠷᠠᠭᠤᠯᠬᠤ ︽ᠬᠠᠮ ᠨᠢᠳᠤᠷᠭ᠎ᠠ︾ ᠶᠢ ᠰᠠᠶᠢᠲᠤᠷ ᠠᠰᠢᠭᠯᠠᠪᠠ      ᠨᠢᠭᠡ ᠳᠤ ᠪᠦᠬᠦ ᠠᠵᠢᠯᠲᠠᠨ ᠲᠣᠭᠤᠷᠢᠨ ᠪᠠᠶᠢᠴᠠᠭᠠᠯᠲᠠ ᠳᠤ ᠣᠷᠣᠯᠴᠠᠪᠠ᠃ ᠰᠤᠮᠤᠨ ᠤ ᠭᠤᠣᠯ ᠤᠳᠤᠷᠢᠳᠤᠯᠭ᠎ᠠ᠂ ᠡᠯ᠎ᠡ ᠭᠠᠴᠠᠭ᠎ᠠ ᠲᠣᠰᠬᠤᠨ ᠢ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠰᠤᠮᠤᠨ ᠤ ᠪᠥᠬᠦ ᠺᠠᠳ᠋ᠷ ᠠᠵᠢᠯᠲᠠᠨ ᠴᠥᠮ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠵᠤ᠂ ᠲᠣᠭᠤᠷᠢᠨ ᠪᠠᠶᠢᠴᠠᠭᠠᠬᠤ ᠶᠢ ᠳᠦᠷᠢᠮᠵᠢᠭᠦᠯᠦᠨ ᠪᠠᠶᠢᠩᠭᠤᠵᠢᠭᠤᠯᠬᠤ ᠬᠢᠭᠡᠳ ᠡᠯ᠎ᠡ ᠵᠦᠢᠯ ᠤᠨ ᠡᠳᠦᠷ ᠲᠤᠲᠤᠮ ᠤᠨ ᠠᠵᠢᠯ ᠢ ᠥᠷᠨᠢᠭᠦᠯᠬᠦ ᠶᠢ ᠤᠶᠠᠯᠳᠤᠭᠤᠯᠤᠨ᠂ ︽ᠬᠥᠳᠡᠭᠡ ᠪᠠᠭᠤᠪᠠᠯ ᠪᠠᠶᠢᠴᠠᠭᠠᠵᠤ᠂ ᠡᠷᠦᠬᠡ ᠳᠤ ᠣᠴᠢᠪᠠᠯ ᠦᠵᠡᠬᠦ︾ ᠶᠢ ᠪᠡᠶᠡᠯᠡᠭᠦᠯᠪᠡ᠃ ᠬᠤᠶᠠᠷ ᠲᠤ ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠮᠡᠷᠭᠡᠵᠢᠯ ᠤᠨ ᠰᠡᠷᠭᠡᠶᠢᠯᠡᠯᠲᠡ ᠶᠢ ᠤᠶᠠᠯᠳᠤᠭᠤᠯᠪᠠ᠃ ᠵᠢᠯᠣᠭᠤᠴᠢ ᠦᠭᠡᠢ ᠨᠢᠰᠬᠡᠯ ᠢᠶᠠᠷ ᠵᠢᠷᠤᠭ ᠠᠪᠬᠤ᠂ ᠵᠠᠮ ᠳᠠᠭᠠᠤ ᠲᠣᠭᠤᠷᠢᠨ ᠪᠠᠶᠢᠴᠠᠭᠠᠬᠤ᠂ ᠪᠡᠯᠴᠢᠭᠡᠷ ᠲᠤ ᠬᠦᠷᠴᠦ ᠲᠣᠭᠤᠷᠢᠨ ᠪᠠᠶᠢᠴᠠᠭᠠᠬᠤ ᠪᠠ ᠡᠷᠦᠬᠡ ᠳᠤ ᠬᠦᠷᠴᠦ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠵᠢᠬᠦᠯᠦᠨ᠂ ᠭᠠᠷ ᠤᠲᠠᠰᠤᠨ ᠤ ᠣᠶᠤᠨᠲᠤ ᠲᠠᠪᠴᠠᠩ ᠬᠢᠭᠡᠳ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠬᠠᠮᠢᠶᠠᠷᠴᠤ ᠬᠢᠨᠠᠨ ᠬᠠᠷᠭᠤᠭᠤᠯᠬᠤ APP ᠵᠡᠷᠭᠡ ᠲᠣᠭᠠᠴᠢᠯᠠᠭᠰᠠᠨ ᠲᠠᠪᠴᠠᠩ ᠢ ᠶᠡᠷᠦᠩᠬᠡᠶᠢᠯᠡᠨ ᠬᠡᠷᠡᠭᠯᠡᠵᠦ᠂ ᠲᠣᠭᠤᠷᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠲᠤᠶᠢᠯᠪᠤᠷᠢᠲᠠᠢ ᠥᠷᠨᠢᠬᠦᠯᠦᠨ᠂ ᠳᠠᠯᠳᠠᠭᠤᠷ ᠪᠡᠯᠴᠢᠭᠡᠷᠯᠡᠬᠦᠯᠬᠦ᠂ ᠰᠥᠨᠢ ᠪᠡᠯᠴᠢᠭᠡᠷᠯᠡᠬᠦᠯᠬᠦ ᠵᠡᠷᠭᠡ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠬᠠᠤᠯᠢ ᠪᠤᠰᠤ ᠪᠠᠷ ᠬᠠᠭᠠᠯᠪᠤᠷᠢᠯᠠᠭᠰᠠᠨ ᠭᠠᠵᠠᠷ ᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠨ᠂ ᠡᠰᠢ ᠰᠦᠷᠡᠯ ᠢ ᠰᠢᠲᠠᠭᠠᠬᠤ ᠵᠡᠷᠭᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ ᠭᠤᠷᠪᠠ ᠳᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠪᠠ᠃ ᠬᠢᠨᠠᠨ ᠪᠠᠶᠢᠴᠠᠭᠠᠵᠤ ᠢᠯᠡᠴᠢᠯᠡᠨ ᠮᠡᠳᠡᠭᠦᠯᠬᠦ ᠤᠲᠠᠰᠤ ᠶᠢ ᠰᠦᠯᠵᠢᠶᠡᠨ ᠳᠡᠭᠡᠷ᠎ᠡ᠂ ᠰᠦᠯᠵᠢᠶᠡᠨ ᠠᠴᠠ ᠭᠠᠳᠠᠨ᠎ᠠ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠬᠦᠴᠦᠨ ᠢ ᠭᠦᠢᠴᠡᠳ ᠠᠰᠢᠭᠯᠠᠨ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠳᠤᠲᠠᠭᠤᠳᠠᠯ ᠢ ᠨᠥᠬᠦᠪᠦᠷᠢᠯᠡᠨ᠂ ᠭᠠᠵᠠᠷ ᠰᠢᠷᠣᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠂ ︽ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠨᠡᠶᠢᠳᠡᠮ ᠰᠡᠷᠡᠮᠵᠢᠯᠡᠬᠦᠯᠬᠦ︾ ᠪᠠᠶᠢᠳᠠᠯ ᠢ ᠬᠦᠴᠦᠯᠡᠨ ᠪᠣᠢ ᠪᠣᠯᠭᠠᠪᠠ᠃      ᠭᠤᠷᠪᠠ᠂ ᠤᠯᠠᠨ ᠲᠠᠯ᠎ᠠ ᠠᠴᠠ ᠬᠤᠯᠪᠤᠭᠠᠯᠠᠨ ᠬᠥᠳᠡᠯᠦᠯᠴᠡᠵᠦ ᠤᠬᠠᠭᠤᠯᠭ᠎ᠠ ᠶᠢ ᠴᠢᠩᠭᠠᠳᠬᠠᠨ  ᠬᠠᠮᠲᠤᠪᠠᠷ ᠵᠠᠰᠠᠬᠤ ︽ᠡᠬᠢ ᠡᠭᠦᠰᠦᠯ ᠤᠨ ᠬᠥᠳᠡᠯᠭᠡᠬᠦ ᠬᠦᠴᠦᠨ︾ ᠢ ᠬᠥᠭᠵᠢᠬᠡᠪᠡ      ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ ᠪᠣᠯᠣᠨ ᠡᠯ᠎ᠡ ᠭᠠᠴᠠᠭᠠᠨ ᠤ ᠮᠠᠯᠴᠢᠨ ᠲᠠᠷᠢᠶᠠᠴᠢᠨ ᠤ ᠸᠢᠴᠠᠲ ᠤᠨ ᠬᠤᠯᠪᠤᠭ᠎ᠠ ᠵᠡᠷᠭᠡ ᠶᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠰᠢᠭᠲᠠᠢ ᠠᠴᠢ ᠬᠤᠯᠪᠣᠭᠳᠠᠯ᠂ ᠤᠷᠢᠶᠠᠯᠠᠭ᠎ᠠ ᠪᠣᠯᠣᠨ ᠬᠠᠤᠯᠢ ᠵᠥᠷᠢᠴᠡᠭᠰᠡᠨ ᠢ ᠰᠢᠢᠳᠬᠡᠵᠦ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠵᠡᠷᠭᠡ ᠮᠡᠳᠡᠭᠡ ᠵᠠᠩᠭᠢ ᠶᠢ ᠪᠠᠶᠢᠩᠭᠤ ᠨᠡᠶᠢᠲᠡᠯᠡᠬᠦ ᠪᠠ ᠳᠠᠮᠵᠢᠭᠤᠯᠤᠨ ᠲᠠᠷᠬᠠᠭᠠᠵᠤ᠂ ᠮᠠᠯᠴᠢᠨ ᠲᠠᠷᠢᠶᠠᠴᠢᠨ ᠢ ᠶᠡᠬᠡᠪᠡᠷ ᠬᠥᠲᠥᠯᠥᠨ ᠵᠢᠯᠤᠭᠤᠳᠴᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠳᠠᠭᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠠᠵᠠ ᠪᠠᠷ ᠬᠡᠯᠲᠦᠷᠢᠬᠦ ᠰᠡᠳᠬᠢᠯᠭᠡ ᠶᠢ ᠨᠢ ᠲᠠᠶᠠᠭᠳᠠᠭᠤᠯᠪᠠ᠃ ᠰᠦᠯᠵᠢᠶᠡᠨ ᠤ ᠭᠠᠳᠠᠨ᠎ᠠ ︽ᠪᠠᠯᠭᠠᠰᠤ ᠶᠢᠨ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠣᠶ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯ ᠢ ᠡᠯ᠎ᠡ ᠵᠦᠢᠯ ᠤᠨ ᠠᠵᠢᠯ ᠢ ᠥᠷᠨᠢᠭᠦᠯᠬᠦ ᠶᠠᠪᠤᠴᠠ ᠳᠤ ᠣᠷᠭᠠᠨᠢᠭ ᠢᠶᠠᠷ ᠠᠭᠤᠰᠤᠯᠴᠠᠭᠤᠯᠵᠤ᠂ ᠰᠤᠮᠤ᠂ ᠭᠠᠴᠠᠭ᠎ᠠ ᠬᠤᠶᠠᠷ ᠱᠠᠲᠤᠨ ᠤ ᠤᠳᠤᠷᠢᠳᠬᠤ ᠺᠠᠳ᠋ᠷ ᠡᠯ᠎ᠡ ᠲᠥᠷᠥᠯ ᠤᠨ ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠶᠢ ᠡᠷᠭᠢᠯᠡᠬᠦ᠂ ᠣᠯᠠᠨ ᠲᠦᠮᠡᠨᠴᠢ ᠴᠢᠨᠠᠷᠲᠠᠢ ᠬᠤᠷᠠᠯ ᠬᠤᠷᠠᠯᠳᠤᠭᠤᠯᠬᠤ ᠪᠠ ᠬᠥᠳᠡᠭᠡ ᠪᠠᠭᠤᠵᠤ ᠡᠷᠦᠬᠡ ᠳᠤ ᠣᠷᠣᠬᠤ ᠪᠠᠷ ᠲᠣᠬᠢᠶᠠᠯ ᠪᠣᠯᠭᠠᠨ᠂ ᠮᠠᠯᠴᠢᠨ ᠲᠠᠷᠢᠶᠠᠴᠢᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠪᠣᠯᠤᠨ ᠠᠰᠢᠭ ᠬᠤᠣᠷ ᠤᠨ ᠬᠠᠷᠢᠴᠠᠭ᠎ᠠ ᠶᠢ ᠶᠠᠷᠢᠵᠤ᠂ ᠮᠠᠯᠴᠢᠳ ᠢ ᠬᠠᠪᠰᠤᠷᠤᠨ ︽ᠠᠮᠢ ᠠᠬᠤᠢ ᠶᠢᠨ ᠲᠠᠩᠰᠠ︾ ᠪᠣᠯᠣᠨ ︽ᠠᠵᠤ ᠠᠬᠤᠢ ᠶᠢᠨ ᠲᠠᠩᠰᠠ︾ ᠶᠢ ᠪᠤᠳᠤᠵᠤ᠂ ᠮᠠᠯᠴᠢᠨ ᠲᠠᠷᠢᠶᠠᠴᠢᠨ ᠤ ᠠᠵᠠ ᠪᠠᠷ ᠬᠡᠯᠲᠦᠷᠢᠬᠦ ᠦᠵᠡᠯᠲᠡ ᠶᠢ ᠨᠢ ᠦᠷᠭᠦᠯᠵᠢᠯᠡᠨ ᠦᠭᠡᠶᠢᠰᠬᠡᠨ᠂ ᠡᠰᠡᠷᠭᠦᠴᠡᠯᠳᠦᠬᠦ ᠰᠡᠳᠬᠢᠯᠭᠡ ᠶᠢ ᠨᠢ ᠲᠠᠶᠠᠭᠳᠠᠭᠤᠯᠵᠤ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ᠂ ᠳᠡᠮᠵᠢᠬᠦ ᠬᠡᠮᠵᠢᠶ᠎ᠡ ᠪᠣᠯᠤᠨ ᠬᠠᠮᠵᠢᠯᠴᠠᠬᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠪᠠ᠃      ᠰᠤᠮᠤ ᠶᠢᠨ ᠬᠢᠨ ᠲᠤᠰ ᠤᠳᠠᠭ᠎ᠠ ᠶᠢᠨ ᠲᠤᠰᠬᠠᠢ ᠴᠡᠭᠴᠡᠯᠡᠨ ᠵᠠᠰᠠᠯᠲᠠ ᠪᠠᠷ ᠲᠣᠬᠢᠶᠠᠯ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠣᠨᠴᠠᠯᠢᠭ ᠪᠣᠯᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠡᠷᠭᠦᠵᠦ᠂ ᠰᠤᠮᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠪᠢᠴᠢᠭᠯᠡᠨ᠎ᠡ᠃   
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ