ᠴᠢ ᠫᠠᠨ ᠵᠢᠩ ᠪᠠᠯᠭᠠᠰᠤᠨ ᠤ ᠴᠢ ᠫᠠᠨ ᠨᠡᠶᠢᠭᠡᠮ ᠲᠣᠭᠤᠷᠢᠭ ᠲᠤ ᠠᠷᠠᠳ ᠤᠨ ᠴᠠᠭᠳᠠᠭ᠎ᠠ ᠪᠣᠯᠣᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠵᠡᠷᠭᠡᠪᠡᠷ ᠬᠦᠴᠦᠯᠡᠵᠦ  ᠰᠦᠯᠵᠢᠶᠡᠨ ᠤ ᠮᠡᠬᠡᠯᠡᠯ ᠢ ᠡᠰᠡᠷᠭᠦᠴᠡᠬᠦ ︽ᠬᠠᠮᠠᠭᠠᠯᠠᠯᠲᠠ ᠶᠢᠨ ᠬᠡᠷᠡᠮ︾ ᠢ ᠪᠠᠲᠤ ᠴᠣᠭᠴᠠᠯᠠᠪᠠ
ᠨᠡᠶᠢᠲᠡᠯᠡᠭᠰᠡᠨ ᠴᠠᠭ᠄
2025/4/25
      ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠵᠢᠯ ᠢ ᠴᠢᠨᠠᠭᠰᠢᠳᠠ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠮᠡᠬᠡᠯᠡᠯ ᠢ ᠲᠠᠨᠢᠵᠤ ᠰᠡᠷᠭᠡᠶᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠤᠯᠠᠨ ᠲᠦᠮᠡᠨ ᠤ ᠵᠣᠭᠤᠰ ᠮᠥᠩᠭᠦ ᠶᠢ ᠰᠠᠶᠢᠲᠤᠷ ᠬᠠᠮᠠᠭᠠᠯᠠᠬᠤ ᠶᠢᠨ ᠲᠥᠯᠥᠭᠡ᠂ ᠴᠢ ᠫᠠᠨ ᠵᠢᠩ ᠪᠠᠯᠭᠠᠰᠤᠨ ᠤ ᠴᠢ ᠫᠠᠨ ᠨᠡᠶᠢᠭᠡᠮ ᠲᠣᠭᠤᠷᠢᠭ ᠤᠨ ᠬᠢᠨ ᠴᠢ ᠫᠠᠨ ᠵᠢᠩ ᠤᠨ ᠨᠢᠭᠡᠳᠦᠭᠡᠷ ᠲᠣᠮᠢᠯᠠᠭᠰᠠᠨ ᠰᠠᠯᠪᠤᠷᠢ ᠲᠠᠢ ᠬᠠᠮᠲᠤᠷᠠᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠴᠤᠭᠯᠠᠭᠤᠯᠤᠨ ︽ᠠᠷᠠᠳ ᠤᠨ ᠴᠠᠭᠳᠠᠭ᠎ᠠ ᠪᠣᠯᠣᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠵᠡᠷᠭᠡᠪᠡᠷ ᠬᠦᠴᠦᠯᠡᠵᠦ᠂ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠮᠠᠭᠠᠯᠠᠯᠲᠠ ᠶᠢᠨ ᠬᠡᠷᠡᠮ ᠢ ᠪᠠᠲᠤ ᠴᠣᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ ᠪᠦᠬᠦ ᠠᠷᠠᠳ ᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ︽ᠠᠷᠠᠳ ᠤᠨ ᠴᠠᠭᠳᠠᠭ᠎ᠠ + ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ︾ ᠢ ᠠᠭᠤᠰᠤᠯᠴᠠᠭᠤᠯᠤᠨ ᠬᠠᠮᠲᠤᠷᠠᠨ ᠠᠵᠢᠯᠯᠠᠭᠤᠯᠬᠤ ᠲᠣᠭᠲᠠᠴᠠ ᠳᠤ ᠲᠦᠰᠢᠭᠯᠡᠨ᠂ ᠠᠷᠠᠳ ᠤᠨ ᠴᠠᠭᠳᠠᠭ᠎ᠠ ᠪᠠᠷ ᠡᠯ᠎ᠡ ᠲᠥᠷᠥᠯ ᠤᠨ ᠮᠡᠬᠡᠯᠡᠯ ᠤᠨ ᠬᠡᠷᠡᠭ ᠤᠨ ᠨᠡᠶᠢᠲᠡᠯᠢᠭ ᠣᠨᠴᠠᠯᠢᠭ ᠪᠣᠯᠣᠨ ᠮᠡᠬᠡᠯᠡᠬᠦ ᠠᠷᠭ᠎ᠠ ᠪᠠᠷᠢᠯ ᠢ ᠭᠦᠨᠵᠡᠭᠡᠢ ᠵᠠᠳᠠᠯᠤᠭᠤᠯᠵᠤ᠂ ᠮᠡᠬᠡᠯᠡᠯ ᠤᠨ ᠠᠷᠭ᠎ᠠ ᠪᠠᠷᠢᠯ ᠢ ᠨᠢᠭᠡᠳ ᠨᠢᠭᠡ ᠪᠠᠷ ᠲᠠᠶᠢᠯᠪᠤᠷᠢᠯᠠᠭᠤᠯᠤᠭᠠᠳ ᠰᠠᠭᠤᠭᠠᠯᠢ ᠠᠷᠠᠳ ᠲᠤ ᠮᠡᠬᠡᠯᠡᠯ ᠤᠨ ᠮᠥᠨ ᠴᠢᠨᠠᠷ ᠤᠨ ᠲᠤᠬᠠᠢ ᠨᠠᠩ ᠲᠣᠳᠣᠷᠬᠠᠢ ᠲᠠᠨᠢᠯᠲᠠ ᠲᠠᠢ ᠪᠣᠯᠭᠠᠭᠰᠠᠨ ᠪᠠᠶᠢᠨ᠎ᠠ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠮᠡᠬᠡᠯᠡᠯ ᠤᠨ ᠲᠤᠬᠠᠢ ᠰᠡᠵᠢᠭ ᠲᠠᠢ ᠠᠰᠠᠭᠤᠳᠠᠯ ᠳᠤ ᠠᠬᠤᠢ ᠲᠠᠯᠠᠪᠠᠢ ᠳᠤ ᠬᠠᠷᠢᠭᠤᠯᠲᠠ ᠬᠢᠵᠦ᠂ ᠰᠠᠭᠤᠭᠠᠯᠢ ᠠᠷᠠᠳ ᠤᠨ ᠣᠷᠣᠯᠴᠠᠬᠤ ᠰᠡᠳᠬᠢᠯᠭᠡ ᠶᠢ ᠶᠡᠬᠡᠪᠡᠷ ᠬᠥᠭᠵᠢᠭᠡᠪᠡ᠃      ᠠᠵᠢᠯᠯᠠᠭ᠎ᠠ ᠳᠤ ᠣᠷᠣᠯᠴᠠᠭᠰᠠᠨ ᠯᠢ ᠠᠪᠠᠭ᠋ᠠᠢ᠄ ︽ᠥᠩᠭᠡᠷᠡᠭᠰᠡᠨ ᠳᠤ ᠮᠡᠬᠡᠯᠡᠯ ᠤᠨ ᠠᠷᠭ᠎ᠠ ᠪᠠᠷᠢᠯ ᠢ ᠳᠡᠮᠡᠢ ᠣᠶᠢᠯᠠᠭᠠᠬᠤ ᠦᠭᠡᠢ ᠠᠴᠠ ᠮᠡᠬᠡᠯᠡᠯ ᠨᠢ ᠨᠠᠳᠠ ᠠᠴᠠ ᠶᠡᠭᠡ ᠬᠤᠯᠠ ᠪᠠᠶᠢᠳᠠᠭ ᠭᠡᠵᠦ ᠪᠣᠳᠣᠵᠤ ᠪᠠᠶᠢᠭᠰᠠᠨ᠂ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠠᠳ ᠪᠢᠳᠠᠨ ᠤ ᠳᠡᠷᠭᠡᠳᠡ ᠪᠠᠶᠢᠬᠤ ᠶᠢ ᠰᠠᠶ᠋ᠢ ᠣᠯᠵᠤ ᠮᠡᠳᠡᠯ᠎ᠡ᠂ ᠬᠤᠶᠢᠰᠢᠳᠠ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠴᠢᠬᠤᠯᠠᠲᠠᠢ ᠶᠤᠮ ᠪᠠᠶᠢᠨ᠎ᠠ︾ ᠭᠡᠵᠦ ᠬᠡᠯᠡᠪᠡ᠃      ᠲᠣᠰ ᠤᠳᠠᠭᠠᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠨᠢ ᠲᠤᠰᠬᠠᠢ ᠮᠡᠷᠭᠡᠵᠢᠯ ᠤᠨ ᠴᠠᠭᠳᠠᠭᠠᠨ ᠤ ᠬᠦᠴᠦᠨ ᠪᠣᠯᠣᠨ ᠦᠨᠳᠦᠰᠦᠨ ᠱᠠᠲᠤᠨ ᠤ ᠲᠣᠣᠷᠴᠢᠯᠠᠭᠰᠠᠨ ᠦᠢᠯᠡᠴᠢᠯᠡᠭᠡ ᠶᠢ ᠣᠷᠭᠠᠨᠢᠭ ᠢᠶᠠᠷ ᠤᠶᠠᠯᠳᠤᠭᠤᠯᠵᠤ᠂ ᠮᠡᠬᠡᠯᠡᠯ ᠢ ᠡᠰᠡᠷᠭᠦᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠣᠶ ᠪᠣᠯᠭᠠᠨ᠂ ᠰᠠᠭᠤᠭᠠᠯᠢ ᠠᠷᠠᠳ ᠤᠨ ᠮᠡᠬᠡᠯᠡᠯ ᠢ ᠡᠰᠡᠷᠭᠦᠴᠡᠬᠦ ᠤᠬᠠᠮᠰᠠᠷ ᠬᠢᠭᠡᠳ ᠴᠢᠳᠠᠪᠤᠷᠢ ᠶᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠴᠢ ᠫᠠᠨ ᠨᠡᠶᠢᠭᠡᠮ ᠲᠣᠭᠤᠷᠢᠭ ᠤᠨ ᠬᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠢᠷᠭᠠᠯᠲᠤ ᠠᠮᠢᠳᠤᠷᠠᠯ ᠢ ᠰᠠᠶᠢᠲᠤᠷ ᠰᠠᠬᠢᠨ ᠬᠠᠮᠠᠭᠠᠯᠠᠨ᠎ᠠ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ