ᠭᠤᠸ ᠬᠤᠸᠠᠢ ᠵᠢᠩ ᠤᠰᠤ ᠬᠠᠩᠭᠠᠬᠤ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/4/29
      4 ᠳ᠋ᠦ᠋ᠭᠡᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠮᠧᠩ ᠰᠢ ᠪᠠᠯᠭᠠᠰᠤ᠂ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠤᠰᠤ ᠬᠠᠩᠭᠠᠬᠤ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
W020250428590250106691.jpg
      ᠭᠤᠤ ᠬᠤᠸᠠᠢ ᠵᠢᠩ ᠮᠧᠩ ᠰᠢ ᠪᠠᠯᠭᠠᠰᠤᠨ ᠤ ᠬᠠᠲᠤᠨ ᠭᠤᠣᠯ ᠤᠨ ᠤᠰᠤ ᠠᠪᠬᠤ ᠴᠡᠭ ᠲᠤ ᠬᠦᠷᠴᠦ᠂ ᠤᠰᠤ ᠲᠠᠲᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠤᠰᠤᠨ ᠤ ᠴᠢᠨᠠᠷ ᠢ ᠬᠢᠨᠠᠨ ᠬᠡᠮᠵᠢᠬᠦ ᠰᠢᠰᠲ᠋ᠧᠮ ᠤᠨ ᠡᠷᠭᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠦᠢᠯᠡᠴᠢᠯᠡᠭᠡᠨ ᠤ ᠤᠬᠠᠮᠰᠠᠷ ᠢ ᠪᠠᠲᠤ ᠪᠤᠢ ᠪᠣᠯᠭᠠᠵᠤ᠂ ᠬᠤᠶᠢᠷᠭᠤᠰᠢᠬᠤ ᠦᠵᠡᠯ ᠰᠠᠨᠠᠭ᠎ᠠ ᠶᠢ ᠲᠡᠪᠴᠢᠨ᠂ ᠤᠰᠤ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠰᠢᠯᠭ᠎ᠠ ᠶᠢ ᠪᠠᠬᠢᠯᠡᠬᠦ ᠢᠨᠵᠧᠨᠧᠷᠢᠩ ᠢ ᠬᠡᠷᠡᠭᠵᠢᠭᠦᠯᠦᠨ᠂ ᠣᠨᠴᠠᠭᠠᠢ ᠴᠠᠭ ᠠᠭᠤᠷ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠲᠤ ᠤᠰᠤᠨ ᠤ ᠶᠠᠪᠤᠳᠠᠯ ᠤᠨ ᠰᠢᠰᠲ᠋ᠧᠮ ᠤᠨ ᠪᠠᠶᠢᠭᠤᠯᠤᠯᠲᠠ᠂ ᠡᠳ᠋ ᠪᠠᠷᠠᠭᠠᠨ ᠤ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠲᠦᠷᠭᠡᠨ ᠠᠬᠢᠭᠤᠯᠵᠤ᠂ ᠤᠰᠤ ᠲᠠᠲᠠᠬᠤ᠂ ᠤᠰᠤ ᠳᠠᠮᠵᠢᠭᠤᠯᠬᠤ᠂ ᠤᠰᠤ ᠴᠡᠪᠡᠷᠰᠢᠭᠦᠯᠬᠦ ᠪᠦᠬᠦ ᠶᠠᠪᠤᠴᠠ ᠶᠢᠨ ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ ᠢ ᠪᠡᠶᠡᠯᠡᠭᠦᠯᠬᠦ ᠬᠡᠷᠡᠭᠲᠡᠢ ᠭᠡᠪᠡ᠃      ᠭᠤᠤ ᠬᠤᠸᠠᠢ ᠵᠢᠩ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠲᠣᠪᠴᠢᠶ᠎ᠠ ᠶᠢᠨ ᠤᠰᠠᠳᠬᠤ ᠰᠢᠬᠠᠭᠰᠠᠨ ᠬᠡᠭᠡᠷ᠎ᠡ ᠶᠢᠨ ᠤᠷᠭᠤᠮᠠᠯ ᠤᠨ ᠦᠷᠡᠵᠢᠯᠲᠡ ᠶᠢ ᠥᠷᠭᠡᠳᠬᠡᠬᠦ ᠪᠠ ᠰᠢᠯᠵᠢᠭᠦᠯᠦᠨ ᠪᠣᠶᠢᠵᠢᠭᠤᠯᠤᠭᠰᠠᠨ ᠭᠠᠵᠠᠷ ᠢ ᠬᠠᠮᠠᠭᠠᠯᠠᠬᠤ ᠰᠤᠳᠤᠯᠭᠠᠨ ᠤ ᠲᠥᠪ ᠲᠤ ᠬᠦᠷᠴᠦ᠂ ᠨᠣᠴᠣᠭᠠᠨ᠎ᠠ᠂ ᠬᠤᠷᠳᠤᠨ ᠬᠠᠷ᠎ᠠ ᠵᠡᠷᠭᠡ ᠬᠤᠪᠣᠷ ᠴᠤᠬᠠᠭ ᠤᠰᠠᠳᠬᠤ ᠰᠢᠬᠠᠭᠰᠠᠨ ᠤᠷᠭᠤᠮᠠᠯ ᠤᠨ ᠦᠷᠡᠵᠢᠯᠲᠡ ᠶᠢ ᠥᠷᠭᠡᠳᠬᠡᠨ ᠪᠣᠶᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ︽ᠣᠶᠤᠨᠲᠤ ᠣᠶ ᠰᠢᠭᠤᠢ ᠨᠤᠲᠤᠭ ᠪᠡᠯᠴᠢᠭᠡᠷ︾ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ︽ᠭᠧᠨ ᠢ ᠬᠠᠳᠠᠭᠠᠯᠠᠬᠤ ︱ ᠭᠠᠵᠠᠷ ᠰᠢᠯᠵᠢᠭᠦᠯᠦᠨ ᠪᠣᠶᠢᠵᠢᠭᠤᠯᠬᠤ ︱ ᠬᠡᠭᠡᠷ᠎ᠡ ᠭᠠᠳᠠᠨ᠎ᠠ ᠪᠣᠶᠢᠵᠢᠭᠤᠯᠬᠤ︾ ᠪᠥᠬᠦ ᠬᠡᠯᠬᠢᠶᠡᠲᠦ ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠬᠤᠪᠣᠷ ᠴᠤᠬᠠᠭ ᠤᠷᠭᠤᠮᠠᠯ ᠤᠨ ︽ᠠᠪᠤᠷᠠᠯᠳᠠ ᠶᠢᠨ ᠴᠢᠨᠠᠷᠲᠠᠢ ᠬᠠᠮᠠᠭᠠᠯᠠᠬᠤ︾ ᠠᠴᠠ ︽ᠰᠢᠰᠲ᠋ᠧᠮᠲᠦ ᠴᠢᠨᠠᠷᠲᠠᠢ ᠰᠡᠷᠭᠦᠭᠡᠬᠦ︾ ᠦᠰᠦᠷᠦᠯᠲᠡ ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠣᠯᠣᠨ ᠠᠮᠢ ᠠᠬᠤᠢ ᠶᠢ ᠰᠡᠷᠭᠦᠭᠡᠬᠦ ᠶᠢ ᠤᠶᠠᠯᠳᠤᠭᠤᠯᠬᠤ ᠶᠢ ᠴᠢᠩᠭᠠᠳᠬᠠᠵᠤ᠂ ᠤᠰᠠᠳᠬᠤ ᠰᠢᠬᠠᠭᠰᠠᠨ ᠤᠷᠭᠤᠮᠠᠯ ᠤᠨ ᠬᠠᠮᠠᠭᠠᠯᠠᠯᠲᠠ ᠪᠣᠯᠣᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠪᠡ᠃      ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠭᠤᠸ ᠬᠤᠸᠠᠢ ᠵᠢᠩ ᠪᠠᠰᠠ ᠪᠤᠭᠤᠲᠤ ᠠᠴᠠ ᠢᠷᠭᠠᠢ ᠬᠦᠷᠬᠦ ᠲᠡᠮᠦᠷ ᠵᠠᠮ ᠤᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠯᠢ ᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢ ᠵᠧᠩ ᠠᠨᠲᠷᠠᠰᠧᠨ ᠲᠣᠰᠣ ᠵᠡᠷᠭᠡ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ