4 ᠳ᠋ᠦ᠋ᠭᠡᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ | ᠵᠢᠩ ᠮᠧᠩ ᠰᠢ ᠪᠠᠯᠭᠠᠰᠤ᠂ ᠮᠧᠩ ᠰᠢ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠤᠰᠤ ᠬᠠᠩᠭᠠᠬᠤ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ | ᠭᠤᠤ ᠬᠤᠸᠠᠢ ᠵᠢᠩ ᠮᠧᠩ ᠰᠢ ᠪᠠᠯᠭᠠᠰᠤᠨ ᠤ ᠬᠠᠲᠤᠨ ᠭᠤᠣᠯ ᠤᠨ ᠤᠰᠤ ᠠᠪᠬᠤ ᠴᠡᠭ ᠲᠤ ᠬᠦᠷᠴᠦ᠂ ᠤᠰᠤ ᠲᠠᠲᠠᠬᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠤᠰᠤᠨ ᠤ ᠴᠢᠨᠠᠷ ᠢ ᠬᠢᠨᠠᠨ ᠬᠡᠮᠵᠢᠬᠦ ᠰᠢᠰᠲ᠋ᠧᠮ ᠤᠨ ᠡᠷᠭᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠦᠢᠯᠡᠴᠢᠯᠡᠭᠡᠨ ᠤ | ᠤᠬᠠᠮᠰᠠᠷ ᠢ ᠪᠠᠲᠤ ᠪᠤᠢ ᠪᠣᠯᠭᠠᠵᠤ᠂ ᠬᠤᠶᠢᠷᠭᠤᠰᠢᠬᠤ ᠦᠵᠡᠯ ᠰᠠᠨᠠᠭ᠎ᠠ ᠶᠢ ᠲᠡᠪᠴᠢᠨ᠂ ᠤᠰᠤ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠣᠯᠣᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠰᠢᠯᠭ᠎ᠠ ᠶᠢ | ᠪᠠᠬᠢᠯᠡᠬᠦ ᠢᠨᠵᠧᠨᠧᠷᠢᠩ ᠢ ᠬᠡᠷᠡᠭᠵᠢᠭᠦᠯᠦᠨ᠂ ᠣᠨᠴᠠᠭᠠᠢ ᠴᠠᠭ ᠠᠭᠤᠷ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠲᠤ ᠤᠰᠤᠨ ᠤ | ᠶᠠᠪᠤᠳᠠᠯ ᠤᠨ ᠰᠢᠰᠲ᠋ᠧᠮ ᠤᠨ ᠪᠠᠶᠢᠭᠤᠯᠤᠯᠲᠠ᠂ ᠡᠳ᠋ ᠪᠠᠷᠠᠭᠠᠨ ᠤ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠲᠦᠷᠭᠡᠨ ᠠᠬᠢᠭᠤᠯᠵᠤ᠂ ᠤᠰᠤ ᠲᠠᠲᠠᠬᠤ᠂ | ᠤᠰᠤ ᠳᠠᠮᠵᠢᠭᠤᠯᠬᠤ᠂ ᠤᠰᠤ ᠴᠡᠪᠡᠷᠰᠢᠭᠦᠯᠬᠦ ᠪᠦᠬᠦ ᠶᠠᠪᠤᠴᠠ ᠶᠢᠨ ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ ᠢ ᠪᠡᠶᠡᠯᠡᠭᠦᠯᠬᠦ ᠬᠡᠷᠡᠭᠲᠡᠢ ᠭᠡᠪᠡ᠃ | ᠭᠤᠤ ᠬᠤᠸᠠᠢ ᠵᠢᠩ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠲᠣᠪᠴᠢᠶ᠎ᠠ ᠶᠢᠨ ᠤᠰᠠᠳᠬᠤ ᠰᠢᠬᠠᠭᠰᠠᠨ | ᠬᠡᠭᠡᠷ᠎ᠡ ᠶᠢᠨ ᠤᠷᠭᠤᠮᠠᠯ ᠤᠨ ᠦᠷᠡᠵᠢᠯᠲᠡ ᠶᠢ ᠥᠷᠭᠡᠳᠬᠡᠬᠦ ᠪᠠ ᠰᠢᠯᠵᠢᠭᠦᠯᠦᠨ ᠪᠣᠶᠢᠵᠢᠭᠤᠯᠤᠭᠰᠠᠨ ᠭᠠᠵᠠᠷ ᠢ ᠬᠠᠮᠠᠭᠠᠯᠠᠬᠤ ᠰᠤᠳᠤᠯᠭᠠᠨ ᠤ ᠲᠥᠪ ᠲᠤ ᠬᠦᠷᠴᠦ᠂ | ᠨᠣᠴᠣᠭᠠᠨ᠎ᠠ᠂ ᠬᠤᠷᠳᠤᠨ ᠬᠠᠷ᠎ᠠ ᠵᠡᠷᠭᠡ ᠬᠤᠪᠣᠷ ᠴᠤᠬᠠᠭ ᠤᠰᠠᠳᠬᠤ ᠰᠢᠬᠠᠭᠰᠠᠨ ᠤᠷᠭᠤᠮᠠᠯ ᠤᠨ ᠦᠷᠡᠵᠢᠯᠲᠡ ᠶᠢ ᠥᠷᠭᠡᠳᠬᠡᠨ ᠪᠣᠶᠢᠵᠢᠭᠤᠯᠤᠭᠰᠠᠨ ᠪᠠᠶᠢᠳᠠᠯ ᠢ | ᠨᠠᠷᠢᠨ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ︽ᠣᠶᠤᠨᠲᠤ ᠣᠶ ᠰᠢᠭᠤᠢ ᠨᠤᠲᠤᠭ ᠪᠡᠯᠴᠢᠭᠡᠷ︾ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ | ᠲᠠᠪᠴᠠᠩ ᠳᠤ ᠲᠦᠰᠢᠭᠯᠡᠨ᠂ ︽ᠭᠧᠨ ᠢ ᠬᠠᠳᠠᠭᠠᠯᠠᠬᠤ ︱ ᠭᠠᠵᠠᠷ ᠰᠢᠯᠵᠢᠭᠦᠯᠦᠨ ᠪᠣᠶᠢᠵᠢᠭᠤᠯᠬᠤ ︱ ᠬᠡᠭᠡᠷ᠎ᠡ ᠭᠠᠳᠠᠨ᠎ᠠ ᠪᠣᠶᠢᠵᠢᠭᠤᠯᠬᠤ︾ ᠪᠥᠬᠦ ᠬᠡᠯᠬᠢᠶᠡᠲᠦ | ᠬᠠᠮᠠᠭᠠᠯᠠᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠬᠤᠪᠣᠷ ᠴᠤᠬᠠᠭ ᠤᠷᠭᠤᠮᠠᠯ ᠤᠨ ︽ᠠᠪᠤᠷᠠᠯᠳᠠ ᠶᠢᠨ ᠴᠢᠨᠠᠷᠲᠠᠢ ᠬᠠᠮᠠᠭᠠᠯᠠᠬᠤ︾ ᠠᠴᠠ ︽ᠰᠢᠰᠲ᠋ᠧᠮᠲᠦ | ᠴᠢᠨᠠᠷᠲᠠᠢ ᠰᠡᠷᠭᠦᠭᠡᠬᠦ︾ ᠦᠰᠦᠷᠦᠯᠲᠡ ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠣᠯᠣᠨ ᠠᠮᠢ ᠠᠬᠤᠢ ᠶᠢ | ᠰᠡᠷᠭᠦᠭᠡᠬᠦ ᠶᠢ ᠤᠶᠠᠯᠳᠤᠭᠤᠯᠬᠤ ᠶᠢ ᠴᠢᠩᠭᠠᠳᠬᠠᠵᠤ᠂ ᠤᠰᠠᠳᠬᠤ ᠰᠢᠬᠠᠭᠰᠠᠨ ᠤᠷᠭᠤᠮᠠᠯ ᠤᠨ ᠬᠠᠮᠠᠭᠠᠯᠠᠯᠲᠠ ᠪᠣᠯᠣᠨ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠵᠠᠰᠠᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠭᠤᠸ ᠬᠤᠸᠠᠢ ᠵᠢᠩ ᠪᠠᠰᠠ ᠪᠤᠭᠤᠲᠤ ᠠᠴᠠ ᠢᠷᠭᠠᠢ ᠬᠦᠷᠬᠦ ᠲᠡᠮᠦᠷ ᠵᠠᠮ ᠤᠨ ᠥᠷᠲᠡᠭᠡᠨ ᠤ ᠡᠮᠦᠨᠡᠬᠢ | ᠠᠭᠤᠳᠠᠮ ᠲᠠᠯᠠᠪᠠᠢ᠂ ᠱᠤᠸᠠᠩ ᠰᠢᠨ ᠣᠷᠴᠢᠨ ᠲᠣᠭᠤᠷᠢᠨ ᠤ ᠬᠠᠮᠠᠭᠠᠯᠠᠯᠲᠠ᠂ ᠯᠢ ᠸᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢ ᠵᠧᠩ ᠠᠨᠲᠷᠠᠰᠧᠨ ᠲᠣᠰᠣ | ᠵᠡᠷᠭᠡ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠪᠠᠶᠢᠴᠠᠭᠠᠨ ᠦᠵᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ ᠣᠷᠣᠯᠴᠠᠪᠠ᠃ | | | |