ᠭᠤᠸ ᠬᠤᠸᠠᠢ ᠵᠢᠩ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠤᠬᠠᠢ ᠶᠢᠨ ᠭᠠᠵᠠᠷ ᠲᠤᠨᠢ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2025/4/3
      4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ ᠬᠤᠰᠢᠭᠤᠨ ᠤ ᠣᠶ ᠰᠢᠭᠤᠢ ᠪᠠ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠵᠢᠴᠢ ᠤᠯᠠᠭᠠᠨᠪᠠᠯᠭᠰᠤᠨ ᠤ ᠬᠡᠰᠡᠭ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠱᠠᠭᠠᠷᠳᠠᠨ ᠵᠢᠯᠣᠭᠤᠳᠪᠠ᠃
4月3日(1).jpg
      ᠭᠤᠤ ᠬᠤᠸᠠᠢ ᠵᠢᠩ ᠬᠤᠰᠢᠭᠤᠨ ᠤ ᠣᠶ ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ᠂ ᠠᠵᠢᠯ ᠤᠨ ᠡᠬᠡ ᠲᠠᠩᠰᠠ ᠶᠢ ᠨᠠᠷᠢᠨ ᠨᠢᠮᠪᠠᠢ ᠦᠵᠡᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠠᠬᠢᠴᠠ ᠵᠢᠴᠢ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠥᠨᠳᠥᠷᠴᠡ  ᠠᠴᠠ ᠤᠢ ᠮᠣᠳᠣ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠬᠦᠴᠦᠨ ᠢ ᠲᠠᠶᠢᠴᠢᠯᠠᠨ ᠤᠢ ᠮᠣᠳᠣ ᠡᠪᠡᠰᠦ ᠪᠡᠯᠴᠢᠭᠡᠷ ᠢ ᠡᠪᠳᠡᠬᠦ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠬᠢᠵᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠵᠤ ᠢᠯᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠵᠦ ᠰᠢᠢᠳᠪᠦᠷᠢᠯᠡᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠵᠤ ᠬᠠᠷᠢᠭᠤ ᠲᠤᠰᠬᠠᠬᠤ᠂ ᠲᠠᠩᠰᠠ ᠡᠪᠬᠡᠮᠡᠯ ᠳᠤ ᠣᠷᠣᠭᠤᠯᠤᠨ ᠬᠠᠮᠢᠶᠠᠷᠬᠤ ᠪᠥᠬᠦ ᠬᠡᠯᠬᠢᠶ᠎ᠡ ᠶᠢᠨ ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠪᠣᠢ ᠪᠣᠯᠭᠠᠵᠤ᠂ ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠬᠠᠤᠯᠢ ᠶᠢ ᠴᠢᠩᠭ᠎ᠠ ᠬᠡᠷᠡᠭᠵᠢᠭᠦᠯᠵᠦ᠂ ︽ᠭᠤᠣᠯᠳᠠᠯᠭ᠎ᠠ ᠲᠠᠢ ᠡᠷᠦᠭᠡ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ ᠴᠠᠭᠠᠵᠠ ᠬᠠᠤᠯᠢ ᠲᠣᠭᠲᠠᠭᠠᠯ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠬᠦᠴᠦᠲᠡᠢ ᠴᠣᠬᠢᠯᠲᠠ ᠥᠭᠴᠦ᠂ ᠬᠦᠴᠦᠷᠬᠡᠭ ᠶᠡᠭᠡ ᠰᠦᠷ ᠬᠦᠴᠦᠨ ᠢ ᠪᠣᠢ ᠪᠣᠯᠭᠠᠨ᠂ ᠵᠣᠷᠢᠭ ᠶᠡᠭᠡ ᠳᠠᠯᠳᠠᠭᠤᠷ ᠦᠢᠯᠡᠳᠦᠭᠰᠡᠳ ᠲᠤ ᠠᠰᠢᠭ ᠣᠯᠭᠤᠵᠤ ᠪᠣᠯᠬᠤ ᠦᠭᠡᠢ ᠮᠥᠷᠲᠡᠭᠡᠨ ᠦᠨᠡᠨᠴᠢ ᠰᠢᠳᠤᠷᠭᠤ ᠪᠠᠷ ᠬᠠᠤᠯᠢ ᠶᠢ ᠰᠠᠬᠢᠭᠰᠠᠳ ᠲᠤ ᠬᠤᠬᠢᠷᠠᠯ ᠠᠮᠰᠠᠭᠤᠯᠵᠤ ᠪᠣᠯᠬᠤ ᠦᠭᠡᠢ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ ᠭᠦᠨᠵᠡᠭᠡᠶᠢᠷᠡᠭᠦᠯᠦᠨ᠂ ᠣᠷᠣᠨ ᠨᠤᠲᠤᠭ ᠤᠨ ᠢᠶᠠᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠤᠯᠠᠨ ᠲᠦᠮᠡᠨ ᠳᠤ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠶᠢᠨ ᠠᠰᠢᠭ ᠬᠤᠣᠷ ᠤᠨ ᠬᠠᠷᠢᠴᠠᠭ᠎ᠠ ᠶᠢ ᠲᠣᠳᠣᠷᠬᠠᠢ ᠲᠠᠶᠢᠯᠪᠤᠷᠢᠯᠠᠨ᠂ ᠬᠥᠮᠥᠨ ᠪᠦᠬᠦᠨ ᠳᠤᠷ᠎ᠠ ᠪᠠᠷ ᠢᠶᠠᠨ ᠤᠢ ᠰᠢᠭᠤᠢ᠂ ᠨᠤᠲᠤᠭ ᠪᠡᠯᠴᠢᠭᠡᠷ ᠢ ᠡᠪᠳᠡᠬᠦ ᠦᠭᠡᠢ ᠪᠠᠶᠢᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠪᠡ᠃      ᠭᠤᠸ ᠬᠤᠸᠠᠢ ᠵᠢᠩ ᠤᠯᠠᠭᠠᠨᠪᠠᠯᠭᠠᠰᠤᠨ ᠤ ᠳᠠᠷᠠᠰᠤ ᠭᠠᠴᠠᠭ᠎ᠠ᠂ ᠮᠠᠰᠢᠨᠪᠤᠯᠠᠭ ᠭᠠᠴᠠᠭ᠎ᠠ ᠳᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠪᠣᠯ ᠭᠠᠵᠠᠷ ᠣᠷᠣᠨ ᠤ ᠠᠮᠢ ᠠᠬᠤᠢ ᠶᠢᠨ ᠲᠡᠩᠴᠡᠭᠦᠷᠢ ᠬᠢᠭᠡᠳ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠳᠠᠭ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠴᠢᠩᠭ᠎ᠠ ᠴᠣᠬᠢᠯᠲᠠ ᠥᠭᠴᠦ᠂ ᠤᠢ ᠮᠣᠳᠣ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠲᠣᠭᠲᠠᠭᠠᠯ ᠪᠣᠯᠣᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠤᠶᠢᠰᠢᠳᠠ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠪᠠ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠮᠡᠷᠭᠡᠵᠢᠯ ᠤᠨ ᠠᠵᠢᠯᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠴᠤ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠪᠦᠬᠦᠨ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ