4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ | ᠵᠢᠩ ᠬᠤᠰᠢᠭᠤᠨ ᠤ ᠣᠶ ᠰᠢᠭᠤᠢ ᠪᠠ ᠡᠪᠡᠰᠦ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠵᠢᠴᠢ | ᠤᠯᠠᠭᠠᠨᠪᠠᠯᠭᠰᠤᠨ ᠤ ᠬᠡᠰᠡᠭ ᠭᠠᠴᠠᠭ᠎ᠠ ᠲᠣᠰᠬᠤᠨ ᠳᠤ ᠭᠦᠨᠵᠡᠭᠡᠶᠢᠷᠡᠵᠦ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠱᠠᠭᠠᠷᠳᠠᠨ ᠵᠢᠯᠣᠭᠤᠳᠪᠠ᠃ | ᠭᠤᠤ ᠬᠤᠸᠠᠢ ᠵᠢᠩ ᠬᠤᠰᠢᠭᠤᠨ ᠤ ᠣᠶ ᠰᠢᠭᠤᠢ ᠪᠠ ᠡᠪᠡᠰᠦ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠳᠤ ᠬᠦᠷᠴᠦ᠂ ᠠᠵᠢᠯ ᠤᠨ ᠡᠬᠡ ᠲᠠᠩᠰᠠ ᠶᠢ ᠨᠠᠷᠢᠨ ᠨᠢᠮᠪᠠᠢ ᠦᠵᠡᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ | ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠤᠨ ᠠᠬᠢᠴᠠ ᠵᠢᠴᠢ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠥᠨᠳᠥᠷᠴᠡ ᠠᠴᠠ ᠤᠢ ᠮᠣᠳᠣ ᠡᠪᠡᠰᠦ | ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ | ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ ᠬᠦᠴᠦᠨ ᠢ ᠲᠠᠶᠢᠴᠢᠯᠠᠨ ᠤᠢ | ᠮᠣᠳᠣ ᠡᠪᠡᠰᠦ ᠪᠡᠯᠴᠢᠭᠡᠷ ᠢ ᠡᠪᠳᠡᠬᠦ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠬᠢᠵᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠪᠣᠭᠤᠮᠲᠠ | ᠰᠢᠪᠲᠤᠯᠵᠤ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠵᠤ ᠢᠯᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠵᠦ ᠰᠢᠢᠳᠪᠦᠷᠢᠯᠡᠬᠦ᠂ ᠦᠷ᠎ᠡ ᠪᠦᠲᠦᠮᠵᠢ ᠶᠢ ᠮᠥᠷᠳᠡᠨ | ᠠᠰᠠᠭᠤᠵᠤ ᠬᠠᠷᠢᠭᠤ ᠲᠤᠰᠬᠠᠬᠤ᠂ ᠲᠠᠩᠰᠠ ᠡᠪᠬᠡᠮᠡᠯ ᠳᠤ ᠣᠷᠣᠭᠤᠯᠤᠨ ᠬᠠᠮᠢᠶᠠᠷᠬᠤ ᠪᠥᠬᠦ ᠬᠡᠯᠬᠢᠶ᠎ᠡ ᠶᠢᠨ ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠪᠣᠢ ᠪᠣᠯᠭᠠᠵᠤ᠂ | ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ | ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠵᠡᠷᠭᠡ ᠬᠠᠤᠯᠢ ᠴᠠᠭᠠᠵᠠ ᠶᠢᠨ | ᠪᠠᠶᠢᠭᠤᠯᠭ᠎ᠠ ᠨᠤᠭᠤᠳ ᠬᠠᠤᠯᠢ ᠶᠢ ᠴᠢᠩᠭ᠎ᠠ ᠬᠡᠷᠡᠭᠵᠢᠭᠦᠯᠵᠦ᠂ ︽ᠭᠤᠣᠯᠳᠠᠯᠭ᠎ᠠ ᠲᠠᠢ ᠡᠷᠦᠭᠡ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠤᠯᠢ ᠴᠠᠭᠠᠵᠠ ᠬᠠᠤᠯᠢ | ᠲᠣᠭᠲᠠᠭᠠᠯ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠬᠦᠴᠦᠲᠡᠢ ᠴᠣᠬᠢᠯᠲᠠ ᠥᠭᠴᠦ᠂ ᠬᠦᠴᠦᠷᠬᠡᠭ ᠶᠡᠭᠡ ᠰᠦᠷ ᠬᠦᠴᠦᠨ ᠢ ᠪᠣᠢ ᠪᠣᠯᠭᠠᠨ᠂ | ᠵᠣᠷᠢᠭ ᠶᠡᠭᠡ ᠳᠠᠯᠳᠠᠭᠤᠷ ᠦᠢᠯᠡᠳᠦᠭᠰᠡᠳ ᠲᠤ ᠠᠰᠢᠭ ᠣᠯᠭᠤᠵᠤ ᠪᠣᠯᠬᠤ ᠦᠭᠡᠢ ᠮᠥᠷᠲᠡᠭᠡᠨ ᠦᠨᠡᠨᠴᠢ ᠰᠢᠳᠤᠷᠭᠤ ᠪᠠᠷ ᠬᠠᠤᠯᠢ ᠶᠢ ᠰᠠᠬᠢᠭᠰᠠᠳ ᠲᠤ ᠬᠤᠬᠢᠷᠠᠯ | ᠠᠮᠰᠠᠭᠤᠯᠵᠤ ᠪᠣᠯᠬᠤ ᠦᠭᠡᠢ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠶᠢ | ᠭᠦᠨᠵᠡᠭᠡᠶᠢᠷᠡᠭᠦᠯᠦᠨ᠂ ᠣᠷᠣᠨ ᠨᠤᠲᠤᠭ ᠤᠨ ᠢᠶᠠᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠤᠯᠠᠨ ᠲᠦᠮᠡᠨ ᠳᠤ ᠤᠢ ᠰᠢᠭᠤᠢ ᠡᠪᠡᠰᠦ | ᠪᠡᠯᠴᠢᠭᠡᠷ ᠢ ᠡᠪᠳᠡᠬᠦ ᠠᠵᠢᠯᠯᠠᠭ᠎ᠠ ᠶᠢᠨ ᠠᠰᠢᠭ ᠬᠤᠣᠷ ᠤᠨ ᠬᠠᠷᠢᠴᠠᠭ᠎ᠠ ᠶᠢ ᠲᠣᠳᠣᠷᠬᠠᠢ ᠲᠠᠶᠢᠯᠪᠤᠷᠢᠯᠠᠨ᠂ ᠬᠥᠮᠥᠨ ᠪᠦᠬᠦᠨ ᠳᠤᠷ᠎ᠠ ᠪᠠᠷ ᠢᠶᠠᠨ ᠤᠢ ᠰᠢᠭᠤᠢ᠂ ᠨᠤᠲᠤᠭ | ᠪᠡᠯᠴᠢᠭᠡᠷ ᠢ ᠡᠪᠳᠡᠬᠦ ᠦᠭᠡᠢ ᠪᠠᠶᠢᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠪᠡ᠃ | ᠭᠤᠸ ᠬᠤᠸᠠᠢ ᠵᠢᠩ ᠤᠯᠠᠭᠠᠨᠪᠠᠯᠭᠠᠰᠤᠨ ᠤ ᠳᠠᠷᠠᠰᠤ ᠭᠠᠴᠠᠭ᠎ᠠ᠂ ᠮᠠᠰᠢᠨᠪᠤᠯᠠᠭ ᠭᠠᠴᠠᠭ᠎ᠠ ᠳᠤ ᠬᠦᠷᠴᠦ᠂ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠪᠣᠯ ᠭᠠᠵᠠᠷ ᠣᠷᠣᠨ ᠤ | ᠠᠮᠢ ᠠᠬᠤᠢ ᠶᠢᠨ ᠲᠡᠩᠴᠡᠭᠦᠷᠢ ᠬᠢᠭᠡᠳ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠳᠠᠭ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠴᠢᠩᠭ᠎ᠠ ᠴᠣᠬᠢᠯᠲᠠ ᠥᠭᠴᠦ᠂ ᠤᠢ ᠮᠣᠳᠣ ᠡᠪᠡᠰᠦ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠂ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠬᠠᠮᠢᠶ᠎ᠠ ᠪᠦᠬᠦᠢ ᠲᠣᠭᠲᠠᠭᠠᠯ ᠪᠣᠯᠣᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ | ᠬᠤᠶᠢᠰᠢᠳᠠ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠣᠶ ᠰᠢᠭᠤᠢ ᠪᠠ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ | ᠮᠡᠷᠭᠡᠵᠢᠯ ᠤᠨ ᠠᠵᠢᠯᠲᠠᠳ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠵᠢᠭᠠᠨ ᠵᠢᠯᠤᠭᠤᠳᠴᠤ᠂ ᠣᠶ ᠰᠢᠭᠤᠢ ᠡᠪᠡᠰᠦ ᠪᠡᠯᠴᠢᠭᠡᠷ ᠢ | ᠡᠪᠳᠡᠭᠰᠡᠨ ᠠᠰᠠᠭᠤᠳᠠᠯ ᠢ ᠪᠦᠬᠦᠨ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠪᠡ᠃ | ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠭᠦᠸᠧ ᠵᠣᠣ ᠬᠤᠶ ᠣᠷᠣᠯᠴᠠᠪᠠ᠃ | |